ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠬᠡᠯᠡᠨ ᠤ ᠰᠦᠯᠵᠢᠶ᠎ᠡ ᠶᠢᠨ ᠰᠦᠯᠵᠢᠶᠡᠨ ᠳᠡᠭᠡᠷ᠎ᠡ ᠠᠵᠢᠯᠯᠠᠭᠰᠠᠨ ᠨᠢᠭᠡ ᠵᠢᠯ ᠤᠨ ᠣᠶ
ᠨᠡᠶᠢᠲᠡᠯᠡᠭᠰᠡᠨ ᠴᠠᠭ᠄
2021/11/12
     ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠂ ᠦᠨᠳᠦᠰᠦᠲᠡᠨ ᠤ ᠰᠣᠶᠣᠯ ᠢ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠮᠠᠨ ᠤ ᠲᠢᠩᠬᠢᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ 2020 ᠣᠨ ᠤ 11 ᠳ᠋ᠦ᠋ᠭᠡᠷ ᠰᠠᠷ᠎ᠠ ᠳᠤ ᠵᠢᠩᠬᠢᠨᠢ ᠪᠠᠷ ᠨᠡᠪᠲᠡᠷᠡᠨ ᠬᠡᠷᠡᠭᠯᠡᠭᠳᠡᠪᠡ᠃      ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠨᠡᠪᠲᠡᠷᠡᠭᠦᠯᠦᠨ ᠬᠡᠷᠡᠭᠯᠡᠭᠰᠡᠨ ᠠᠴᠠ ᠨᠠᠭᠠᠰᠢ᠂ ᠠᠵᠢᠯᠯᠠᠭᠠᠨ ᠤ ᠪᠠᠶᠢᠳᠠᠯ ᠶᠡᠭᠡ ᠯᠡ ᠰᠠᠶᠢᠨ ᠪᠠᠶᠢᠵᠤ᠂ ᠰᠦᠯᠵᠢᠶᠡᠨ ᠤ ᠠᠵᠢᠯᠯᠠᠭᠤᠯᠵᠤ ᠪᠠᠲᠤᠯᠠᠬᠤ ᠠᠵᠢᠯᠲᠠᠳ ᠴᠥᠮ ᠬᠠᠮᠢᠶ᠎ᠠ ᠪᠥᠬᠦᠶ ᠪᠠᠷᠢᠮᠵᠢᠶ᠎ᠠ᠂ ᠲᠦᠷᠢᠮ ᠤᠨ ᠶᠣᠰᠣᠭᠠᠷ ᠰᠦᠯᠵᠢᠶᠡᠨ ᠤ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠠᠵᠢᠯ ᠢ ᠴᠢᠩᠭ᠎ᠠ ᠬᠡᠷᠡᠭᠵᠢᠭᠦᠯᠵᠦ᠂ ᠰᠦᠯᠵᠢᠶᠡᠨ ᠤ ᠠᠭᠤᠯᠭ᠎ᠠ ᠶᠢᠨ ᠣᠨᠣᠪᠴᠢᠲᠤ ᠴᠢᠨᠠᠷ᠂ ᠮᠡᠳᠡᠭᠡᠯᠡᠯ ᠤᠨ ᠲᠦᠷᠭᠡᠨ ᠴᠢᠨᠠᠷ᠂ ᠮᠡᠳᠡᠭᠡ ᠵᠠᠩᠭᠢ ᠶᠢᠨ ᠬᠡᠷᠡᠭᠯᠡᠭᠡᠨ ᠤ ᠴᠢᠨᠠᠷ᠂ ᠦᠢᠯᠡᠴᠢᠯᠡᠭᠡ ᠶᠢᠨ ᠬᠠᠪᠢᠳᠠᠬᠤ ᠴᠢᠨᠠᠷ ᠢ ᠦᠨᠡᠨ ᠬᠦ ᠪᠠᠲᠤᠯᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠪᠢᠳᠡ ᠰᠦᠯᠵᠢᠶ᠎ᠡ ᠪᠠᠨ ᠦᠷᠭᠦᠯᠵᠢᠯᠡᠨ ᠴᠢᠷᠮᠠᠶᠢᠨ ᠰᠢᠯᠢᠳᠡᠭᠵᠢᠭᠦᠯᠵᠦ᠂ ᠮᠣᠩᠭᠤᠯ ᠰᠦᠯᠵᠢᠶᠡᠨ ᠤ ᠢᠷᠭᠡᠳ ᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠠᠩ ᠰᠠᠶᠢᠨ᠂ ᠨᠠᠩ ᠲᠥᠬᠦᠮ᠂ ᠨᠠᠩ ᠲᠦᠷᠭᠡᠨ ᠢᠶᠠᠷ ᠣᠶᠢᠯᠠᠭᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号