ᠭᠤᠷᠪᠠᠨ ᠮᠧᠲᠷ ᠥᠷᠭᠡᠨ ᠪᠣᠭᠤᠨᠢ ᠬᠠᠪᠲᠠᠭᠠᠶ ᠲᠡᠷᠭᠡ ᠡᠩ ᠤᠨ ᠪᠠᠷᠠᠭ᠎ᠠ ᠶᠢ ᠲᠡᠭᠡᠭᠡᠪᠦᠷᠢᠯᠡᠬᠦ
ᠨᠡᠶᠢᠲᠡᠯᠡᠭᠰᠡᠨ ᠴᠠᠭ᠄
2021/11/16
     ᠯᠠᠪᠯᠠᠬᠤ ᠠᠭᠤᠯᠭ᠎ᠠ᠄ ᠲᠡᠭᠡᠭᠡᠪᠦᠷᠢᠯᠡᠨ ᠡᠵᠡᠩᠨᠡᠬᠦ ᠦᠨᠡᠮᠯᠡᠯ ᠪᠣᠯ ᠡᠩ ᠤᠨ ᠪᠠᠷᠠᠭ᠎ᠠ ᠶᠢ ᠲᠡᠭᠡᠭᠡᠪᠦᠷᠢᠯᠡᠬᠦ ᠭᠤᠷᠪᠠᠨ ᠮᠧᠲᠷ ᠥᠷᠭᠡᠨ ᠪᠣᠭᠤᠨᠢ ᠬᠠᠪᠲᠠᠭᠠᠶ ᠲᠡᠷᠭᠡ ᠪᠣᠯᠤᠨ᠎ᠠ᠂ ᠵᠠᠰᠠᠮᠠᠯ ᠵᠠᠮ ᠢᠶᠠᠷ ᠶᠠᠪᠤᠵᠤ ᠪᠣᠯᠤᠨ᠎ᠠ ᠦᠦ︖ ᠤᠴᠢᠷ ᠨᠢ ᠬᠡᠮᠵᠢᠶ᠎ᠡ ᠠᠴᠠ ᠬᠡᠲᠦᠷᠡᠭᠦᠯᠦᠭᠰᠡᠨ ᠦᠨᠡᠮᠯᠡᠯ ᠭᠦᠶᠴᠡᠳᠬᠡᠬᠦ ᠰᠠᠨᠠᠭ᠎ᠠ ᠲᠠᠢ ᠪᠣᠯᠪᠠᠴᠤ ᠬᠦᠯᠢᠶᠡᠨ ᠠᠪᠬᠤ ᠦᠭᠡᠢ᠃      ᠬᠠᠷᠢᠭᠤᠯᠲᠠ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠰᠠᠮᠠᠯ ᠵᠠᠮ ᠢᠶᠠᠷ ᠶᠠᠪᠤᠭᠤᠯᠬᠤ ᠬᠠᠮᠢᠶᠠᠷᠤᠯᠲᠠ ᠶᠢᠨ ᠲᠣᠭᠲᠠᠭᠠᠯ︾ ᠵᠢᠷᠭᠤᠳᠤᠭᠠᠷ ᠵᠦᠶᠯ ᠳᠤ᠂ ᠵᠠᠳᠠᠯᠵᠤ ᠪᠣᠯᠬᠤ ᠦᠭᠡᠶ ᠡᠳ᠋ ᠪᠣᠳᠠᠰ ᠲᠡᠭᠡᠭᠡᠭᠰᠡᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ︵ᠳᠣᠷᠣᠭᠰᠢ ᠲᠣᠮᠣ ᠵᠦᠶᠯ ᠤᠨ ᠲᠡᠭᠡᠭᠡᠪᠦᠷᠢ ᠭᠡᠵᠦ ᠲᠣᠪᠴᠢᠯᠠᠨ᠎ᠠ︶ ᠲᠡᠷᠭᠡ ᠬᠥᠰᠬᠡ ᠨᠢ᠂ ᠬᠤᠯᠪᠣᠭᠳᠠᠯ ᠪᠦᠬᠦᠢ ᠵᠥᠪᠰᠢᠶᠡᠷᠡᠯ ᠤᠨ ᠭᠠᠷᠳᠠᠮ ᠢ ᠬᠠᠤᠯᠢ ᠶᠣᠰᠣᠭᠠᠷ ᠭᠦᠶᠴᠡᠳᠬᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ᠂ ᠲᠣᠭᠲᠠᠭᠠᠭᠰᠠᠨ ᠴᠠᠭ ᠬᠤᠭᠤᠴᠠᠭ᠎ᠠ᠂ ᠵᠠᠮ ᠱᠤᠭᠤᠮ᠂ ᠬᠤᠷᠳᠤᠴᠠ ᠶᠣᠰᠣᠭᠠᠷ ᠵᠠᠰᠠᠮᠠᠯ ᠵᠠᠮ ᠢᠶᠠᠷ ᠶᠠᠪᠤᠭᠤᠯᠬᠤ ᠬᠡᠷᠡᠭᠲᠡᠶ᠃ ᠵᠥᠪᠰᠢᠶᠡᠷᠡᠯ ᠤᠢᠭᠡᠢ ᠪᠠᠷ᠂ ᠵᠠᠰᠠᠮᠠᠯ ᠵᠡᠮ ᠢᠶᠠᠷ ᠳᠤᠷ᠎ᠠ ᠪᠠᠷ ᠢᠶᠠᠨ ᠶᠠᠪᠤᠵᠤ ᠪᠣᠯᠬᠤ ᠤᠢᠭᠡᠢ᠃ ᠠᠷᠪᠠᠨ ᠨᠢᠭᠡᠳᠦᠭᠡᠷ ᠵᠦᠶᠯ᠂ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠳᠤᠷᠠᠳᠤᠭᠰᠠᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠵᠥᠪᠰᠢᠶᠡᠷᠡᠬᠦ ᠭᠤᠶᠤᠴᠢᠯᠠᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠦᠯᠢᠶᠡᠨ ᠠᠪᠴᠤ ᠰᠢᠶᠳᠪᠦᠷᠢᠯᠡᠬᠦ ᠦᠭᠡᠶ᠄ ᠪᠠᠷᠠᠭ᠎ᠠ ᠨᠢ ᠰᠠᠯᠭᠠᠵᠤ ᠠᠴᠢᠶᠠᠯᠠᠵᠤ ᠪᠣᠯᠬᠤ ᠡᠳ᠋ ᠪᠣᠳᠠᠰ ᠲᠤ ᠬᠠᠷᠢᠶᠠᠯᠠᠭᠳᠠᠬᠤ︔ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠡᠵᠡᠮᠰᠢᠵᠦ ᠪᠠᠶᠢᠭ᠎ᠠ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ  ᠤᠨ ᠦᠨᠡᠮᠯᠡᠯ ᠳᠤ ᠲᠡᠮᠳᠡᠭᠯᠡᠭᠰᠡᠨ ᠡᠵᠡᠩᠨᠡᠯᠲᠡ ᠶᠢᠨ ᠬᠢᠷᠢ ᠬᠡᠮ ᠳᠤ ᠲᠣᠮᠣ ᠵᠦᠶᠯ ᠢ ᠪᠠᠭᠲᠠᠭᠠᠬᠤ ᠦᠭᠡᠢ︔ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠬᠠᠤᠯᠢ ᠶᠣᠰᠣᠭᠠᠷ ᠬᠢᠵᠠᠭᠠᠷᠯᠠᠭᠰᠠᠨ ᠵᠥᠪᠰᠢᠶᠡᠷᠡᠯ ᠨᠢ ᠬᠢᠵᠠᠭᠠᠷᠯᠠᠬᠤ ᠬᠤᠭᠤᠴᠠᠭ᠎ᠠ ᠨᠢ ᠳᠦᠭᠦᠷᠦᠭᠡᠳᠦᠶ︔ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ ᠠᠷᠪᠠᠨ ᠳᠣᠯᠣᠳᠤᠭᠠᠷ ᠵᠦᠶᠯ ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠶ ᠲᠣᠭᠲᠠᠭᠠᠯ ᠭᠠᠷᠭᠠᠬᠤ ᠬᠡᠷᠡᠭᠲᠡᠶ᠄ ᠡᠩ ᠤᠨ ᠬᠠᠪᠲᠠᠭᠠᠶ ᠲᠡᠷᠭᠡ ᠶᠢ ᠬᠡᠷᠡᠭᠯᠡᠨ ᠲᠡᠭᠡᠭᠡᠪᠦᠷᠢᠯᠡᠵᠦ᠂ ᠲᠡᠷᠭᠡ ᠬᠥᠰᠬᠡ ᠶᠢᠨ ᠳᠠᠩ ᠲᠡᠩᠭᠡᠯᠢᠭ ᠤᠨ ᠳᠤᠮᠳᠠᠴᠢ ᠲᠡᠩᠭᠡᠯᠢᠭ ᠤᠨ ᠳᠠᠭᠠᠭᠠᠴᠠ ᠨᠢ 10000 ᠺᠢᠯᠣᠭ᠍ᠷᠠᠮ ᠢ ᠳᠠᠪᠠᠭᠰᠠᠨ ᠪᠤᠶᠤ ᠬᠠᠮᠤᠭ ᠤᠨ ᠶᠡᠭᠡ ᠲᠡᠩᠭᠡᠯᠢᠭ ᠤᠨ ᠳᠠᠭᠠᠭᠠᠴᠠ ᠨᠢ 13000 ᠺᠢᠯᠣᠭ᠍ᠷᠠᠮ ᠢ ᠳᠠᠪᠠᠭᠰᠠᠨ︔ ᠣᠯᠠᠨ ᠲᠡᠩᠭᠡᠯᠢᠭᠲᠦ ᠣᠯᠠᠨ ᠬᠦᠷᠳᠦᠲᠦ ᠰᠢᠩᠭᠡᠨ ᠲᠠᠷᠤᠴᠠᠲᠤ ᠬᠠᠪᠲᠠᠭᠠᠶ ᠲᠡᠷᠭᠡ ᠪᠠᠷ ᠲᠡᠭᠡᠭᠡᠪᠦᠷᠢᠯᠡᠬᠦ ᠳᠤ᠂ ᠲᠡᠷᠭᠡ ᠬᠥᠰᠬᠡ ᠶᠢᠨ ᠲᠡᠩᠭᠡᠯᠢᠭ ᠱᠤᠭᠤᠮ ︵ᠨᠢᠭᠡ ᠱᠤᠭᠤᠮ ᠬᠤᠶᠠᠷ ᠲᠡᠩᠭᠡᠯᠢᠭ 8 ᠬᠦᠷᠳᠦ︶ ᠪᠦᠷᠢ ᠶᠢᠨ ᠳᠤᠮᠳᠠᠴᠢ ᠲᠡᠩᠭᠡᠯᠢᠭ ᠤᠨ ᠳᠠᠭᠠᠭᠠᠴᠠ ᠨᠢ 18000 ᠺᠢᠯᠣᠭ᠍ᠷᠠᠮ ᠢ ᠳᠠᠪᠠᠭ᠋ᠤ ᠪᠤᠶᠤ ᠬᠠᠮᠤᠭ ᠤᠨ ᠶᠡᠭᠡ ᠲᠡᠩᠭᠡᠯᠢᠭ ᠤᠨ ᠳᠠᠭᠠᠭᠠᠴᠠ ᠨᠢ 20000 ᠺᠢᠯᠣᠭ᠍ᠷᠠᠮ ᠢ ᠳᠠᠪᠠᠭ᠋ᠤ︔ ᠳᠠᠭᠠᠭᠠᠴᠢᠯᠠᠨ ᠲᠡᠭᠡᠭᠡᠪᠦᠷᠢᠯᠡᠭᠴᠢ ᠨᠢ ᠪᠠᠬᠢᠵᠢᠭᠦᠯᠬᠦ᠂ ᠥᠭᠡᠷᠡᠴᠢᠯᠡᠬᠦ ᠡᠭᠦᠷᠭᠡ ᠪᠠᠨ ᠭᠦᠢᠴᠡᠳᠬᠡᠭᠰᠡᠨ ᠦᠭᠡᠢ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ ︽ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠤᠨ ᠳᠦᠷᠢᠮᠵᠢᠭᠦᠯᠬᠦ ᠠᠵᠢᠯ ᠤᠨ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠨᠢ ᠪᠣᠭᠤᠨᠢ ᠬᠠᠪᠲᠠᠭᠠᠶ ᠰᠠᠯᠤᠩᠬᠢ ᠴᠢᠷᠦᠭᠦᠯ ᠲᠡᠷᠭᠡ ᠡᠩ ᠤᠨ ᠡᠳ᠋ ᠪᠠᠷᠠᠭ᠎ᠠ ᠲᠡᠭᠡᠭᠡᠪᠦᠷᠢᠯᠡᠬᠦ ᠶᠢ ᠴᠡᠭᠴᠡᠯᠡᠨ ᠵᠠᠰᠠᠬᠤ ᠠᠵᠢᠯ ᠢ ᠠᠰ ᠲᠤ ᠨᠢ ᠪᠠᠶᠢᠷᠢᠯᠠᠭᠤᠯᠵᠤ᠂ ᠲᠤᠰᠬᠠᠶ ᠴᠡᠭᠴᠡᠯᠡᠨ ᠵᠠᠰᠠᠬᠤ ᠠᠴᠠ ᠡᠮᠦᠨ᠎ᠡ᠂ ᠲᠡᠷᠭᠡ ᠪᠠᠷᠠᠭ᠎ᠠ ᠶᠢᠨ ᠶᠡᠷᠦᠩᠬᠡᠶ ᠮᠠᠰ ᠨᠢ ᠬᠡᠮᠵᠢᠶ᠎ᠡ  ᠠᠴᠠ ᠬᠡᠲᠦᠷᠡᠭᠦᠯᠦᠭᠰᠡᠨ ᠪᠠ ᠬᠠᠭᠤᠷᠮᠠᠭ ᠫᠠᠶᠢᠰᠠ ᠡᠯᠭᠦᠬᠦ ᠪᠠ ᠲᠡᠷᠭᠡᠨ ᠫᠠᠶᠢᠰᠠ ᠲᠤᠬᠤᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠵᠠᠯᠠᠷᠠᠭᠤᠯᠬᠤ ᠬᠡᠷᠡᠭᠲᠡᠶ᠃ ᠬᠠᠪᠲᠠᠭᠠᠶ ᠲᠡᠷᠭᠡ ᠡᠩ ᠤᠨ ᠪᠠᠷᠠᠭ᠎ᠠ ᠶᠢ ᠲᠡᠭᠡᠭᠡᠪᠦᠷᠢᠯᠡᠬᠦ ᠨᠢ ᠪᠠᠬᠢᠯᠡᠬᠦ ᠳᠤ ᠬᠦᠴᠢᠷ᠂ ᠪᠠᠷᠠᠭ᠎ᠠ ᠶᠢ ᠤᠨᠠᠭᠠᠵᠤ ᠮᠡᠳᠡᠨ᠎ᠡ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠂ ᠲᠤᠰ ᠵᠦᠢᠯ ᠤᠨ ᠠᠷᠭ᠎ᠠ ᠪᠠᠷ ᠲᠡᠭᠡᠭᠡᠪᠦᠷᠢᠯᠡᠬᠦ ᠶᠢ ᠰᠠᠨᠠᠭᠠᠴᠢᠯᠠᠬᠤ ᠦᠭᠡᠢ᠃
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号