︽︿ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/11/18
     ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽︿ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ︵ᠵᠠᠮ ᠵᠠᠰᠠᠮᠠᠯ ᠵᠠᠮ ᠤᠨ ᠲᠣᠭᠲᠠᠭᠠᠯ ﹇2021﹈ 3 ᠳ᠋ᠤᠭᠠᠷ ᠲᠣᠭᠠᠲᠤ︶ ᠢ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠯᠪᠣᠭᠳᠠᠯ ᠪᠥᠬᠦᠶ ᠨᠢᠭᠡᠴᠢ ᠶᠢᠨ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠵᠤ᠂ ᠲᠣᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠡ᠄      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ᠶᠢ ᠰᠠᠶᠢᠲᠤᠷ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠶᠠᠮᠤᠨ ᠨᠢ ᠬᠤᠯᠪᠣᠭᠳᠠᠯ ᠪᠥᠬᠦᠶ ᠲᠦᠷᠢᠮ ᠲᠣᠭᠲᠠᠭᠠᠯ ᠢ ᠪᠥᠬᠦ ᠲᠠᠯ᠎ᠠ ᠪᠠᠷ ᠢᠯᠭᠠᠷᠠᠭᠤᠯᠤᠨ ᠲᠢᠭᠯᠡᠬᠦ ᠶᠢ ᠵᠣᠬᠢᠶᠠᠨ ᠪᠠᠶᠢᠭᠤᠯᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ᠳᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠬᠢᠵᠠᠭᠠᠷᠯᠠᠬᠤ᠂ ᠬᠢᠷᠢ ᠭᠡᠮ ᠤᠨ ᠵᠡᠷᠭᠡ ᠳᠡᠰ ᠢ ᠪᠠᠭᠤᠷᠠᠭᠤᠯᠬᠤ ᠵᠡᠷᠭᠡ ᠶᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠳᠤ ᠣᠷᠣᠭᠤᠯᠤᠭᠰᠠᠨ ᠪᠥᠭᠡᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠲᠣᠭᠲᠠᠭᠠᠵᠤ ᠪᠣᠯᠬᠤ ᠦᠭᠡᠢ ᠭᠡᠵᠦ ᠲᠣᠭᠲᠠᠭᠠᠵᠠᠶ᠃ ᠢᠯᠭᠠᠷᠠᠭᠤᠯᠤᠨ ᠳᠢᠭᠯᠡᠭᠰᠡᠨ ᠠᠴᠠ ᠢᠯᠡᠷᠡᠭᠦᠯᠦᠭᠰᠡᠨ ᠨᠢ᠂ ︽ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠷᠢ ᠶᠢᠰᠦᠳᠦᠭᠡᠷ ᠵᠦᠢᠯ ᠳᠤ ᠳᠠᠭᠠᠭᠠᠴᠢᠯᠠᠯᠲᠠ ᠬᠦᠯᠢᠶᠡᠬᠦ ᠶᠢ ᠬᠢᠵᠠᠭᠠᠷᠯᠠᠬᠤ᠂ ᠬᠢᠷᠢ ᠬᠡᠮ ᠢ ᠪᠠᠭᠤᠷᠠᠭᠤᠯᠬᠤ ᠵᠡᠷᠭᠡ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ ᠨᠢ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠬᠦ ᠥᠬᠡᠶ ᠤᠴᠢᠷ ᠠᠴᠠ ᠲᠣᠰ ᠵᠦᠢᠯ ᠵᠤᠷᠪᠤᠰ ᠲᠤ ᠲᠣᠬᠢᠷᠠᠭᠤᠯᠤᠯᠲᠠ ᠬᠢᠭᠰᠡᠨ ᠪᠠᠶᠢᠨ᠎ᠠ᠃                  ᠰᠢᠯᠵᠢᠭᠦᠯᠦᠨ ᠨᠡᠶᠢᠲᠡᠯᠡᠬᠦ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ          ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ︽ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号