ᠣᠯᠠᠨ ᠤᠯᠤᠰ ᠤᠨ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢ ᠳᠠᠩᠰᠠᠯᠠᠬᠤ
ᠨᠡᠶᠢᠲᠡᠯᠡᠭᠰᠡᠨ ᠴᠠᠭ᠄
2021/11/22
     ᠯᠠᠪᠯᠠᠬᠤ ᠠᠭᠤᠯᠭ᠎ᠠ᠄ ᠮᠠᠨᠵᠤᠤᠷ ᠤᠨ ᠠᠳᠡ ᠣᠯᠠᠨ ᠤᠯᠤᠰ ᠤᠨ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢ ᠳᠠᠩᠰᠠᠯᠠᠬᠤ ᠳᠤ ᠠᠯᠢ ᠰᠠᠯᠠᠭ᠎ᠠ ᠮᠥᠴᠢᠷ ᠲᠠᠢ ᠬᠠᠷᠢᠯᠴᠠᠬᠤ ᠴᠢᠬᠤᠯᠠᠲᠠᠢ ᠪᠣᠶ︖ ᠶᠠᠮᠠᠷ ᠮᠠᠲ᠋ᠧᠷᠢᠶᠠᠯ ᠬᠠᠩᠭᠠᠬᠤ ᠴᠢᠬᠤᠯᠠᠲᠠᠶ ᠪᠣᠢ︖      ᠬᠠᠷᠢᠭᠤᠯᠲᠠ᠄ ᠣᠯᠠᠨ ᠤᠯᠤᠰ ᠤᠨ ᠵᠠᠮ ᠤᠨ ᠪᠠᠷᠠᠭᠠᠨ ᠤ ᠲᠡᠭᠡᠭᠡᠪᠦᠷᠢ ᠶᠢ ᠳᠠᠩᠰᠠᠯᠠᠬᠤ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶᠡᠨ ᠥᠷᠲᠡᠭᠡ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠢ ᠡᠷᠢᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠤᠨ ᠭᠦᠶᠴᠡᠳᠬᠡᠬᠦ ᠵᠦᠶᠯᠡᠰ  ᠠᠴᠠ ᠣᠯᠠᠨ ᠤᠯᠤᠰ ᠤᠨ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠷᠡᠭ ᠡᠷᠬᠢᠯᠡᠬᠦ ᠵᠦᠭᠯᠡᠭᠦᠷ ᠲᠠᠬᠢ ᠱᠠᠭᠠᠷᠳᠠᠯᠭ᠎ᠠ ᠶᠣᠰᠣᠭᠠᠷ᠂ ᠮᠠᠲ᠋ᠧᠷᠢᠶᠠᠯ ᠢᠶᠠᠨ ᠪᠡᠯᠡᠳᠬᠡᠵᠦ᠂ ᠮᠠᠲ᠋ᠧᠷᠢᠶᠠᠯ ᠪᠦᠷᠢᠨ ᠭᠦᠶᠴᠡᠳ ᠪᠣᠯᠤᠭᠰᠠᠨ ᠤ ᠳᠠᠷᠠᠭ᠎ᠠ ᠵᠠᠰᠠᠭ ᠤᠨ ᠶᠠᠪᠤᠳᠠᠯ ᠤᠨ ᠲᠠᠪᠴᠠᠩ ᠢᠶᠠᠷ ᠳᠡᠮᠵᠢᠨ ᠭᠤᠶᠤᠴᠢᠯᠠᠨ ᠮᠡᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰ ᠠᠵᠢᠯ ᠢ ᠬᠠᠷᠢᠭᠤᠴᠠᠬᠤ ᠰᠠᠯᠠᠭ᠎ᠠ ᠮᠦᠴᠢᠷ ᠪᠣᠯ ᠲᠡᠭᠡᠭᠡᠪᠦᠷᠢ  ᠶᠢᠨ ᠦᠶᠯᠡᠴᠢᠯᠡᠭᠡᠨ ᠤ ᠭᠠᠵᠠᠷ ᠪᠣᠯᠣᠨ᠎ᠠ᠃
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号