2021 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/29
ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠤ᠄          ︽︿2021 ᠣᠨ ᠤ ᠪᠥᠬᠦ ᠤᠯᠤᠰ ᠤᠨ ︿ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ﹀ ᠤᠨ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠲᠥᠪ ᠤᠨ ᠤᠬᠠᠭᠤᠯᠬᠤ ᠬᠡᠯᠲᠡᠰ  ᠬᠠᠤᠯᠢ ᠴᠠᠭᠠᠵᠠ ᠶᠢᠨ ᠶᠠᠮᠤᠨ  ᠪᠥᠬᠦ ᠤᠯᠤᠰ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2021 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠥᠷᠨᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄          ᠨᠢᠭᠡ᠂ ᠠᠵᠢᠯᠯᠠᠭ᠎ᠠ ᠶᠢᠨ ᠭᠤᠤᠯ ᠰᠡᠳᠦᠪ          ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ︾᠃          ᠬᠤᠶᠠᠷ᠂ ᠴᠠᠭ ᠤᠨ ᠲᠣᠬᠢᠷᠠᠭᠤᠯᠤᠯᠲᠠ          11 ᠳ᠋ᠦ᠋ᠭᠡᠷ ᠰᠠᠷ᠎ᠠ ᠶᠢᠨ 29 ᠤ ᠡᠳᠦᠷ- 12 ᠳ᠋ᠤᠭᠠᠷ ᠰᠠᠷ᠎ᠠ ᠶᠢᠨ 5 ᠤ ᠡᠳᠦᠷ  ᠃          ᠭᠤᠷᠪᠠ᠂ ᠤᠬᠠᠭᠤᠯᠬᠤ ᠠᠭᠤᠯᠭ᠎ᠠ          ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︔          ︵ᠬᠤᠶᠠᠷ︶ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ︔          ︵ᠭᠤᠷᠪᠠ︶ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠠᠴᠠ ᠠᠷᠠᠳ ᠲᠦᠮᠡᠨ ᠢ ᠤᠳᠤᠷᠢᠳᠤᠨ ᠬᠠᠤᠯᠢ ᠪᠠᠷ ᠵᠠᠰᠠᠬᠤ ᠪᠠᠶᠢᠭᠤᠯᠤᠯᠲᠠ ᠬᠢᠭᠡᠳ ᠣᠯᠤᠭᠰᠠᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ︔          ︵ᠳᠥᠷᠪᠡ︶ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠤᠯᠤᠰ ᠤᠨ ᠦᠨᠳᠦᠰᠦᠨ ᠬᠠᠤᠯᠢ ᠴᠠᠭᠠᠵᠠ᠂ ᠴᠢᠨᠠᠷ ᠰᠠᠶᠢᠲᠠᠶ ᠬᠥᠭᠵᠢᠯᠲᠡ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ︔          ︵ᠲᠠᠪᠤ︶ ᠠᠵᠢᠯ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠵᠡᠷᠭᠡ᠃          ᠳᠥᠷᠪᠡ᠂ ᠪᠣᠳᠠᠲᠠᠶ ᠱᠠᠭᠠᠷᠳᠠᠯᠭ᠎ᠠ          ︵ᠨᠢᠭᠡ︶ ᠪᠠᠶᠢᠭᠤᠯᠭ᠎ᠠ ᠨᠢᠭᠡᠴᠢ ᠶᠢᠨ ᠤᠬᠠᠭᠤᠯᠭ᠎ᠠ          1. ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ ᠨᠦᠭᠦᠳ ᠠᠵᠢᠯᠯᠠᠬᠤ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠴᠠᠬᠢᠯᠭᠠᠨ ᠱᠠᠲᠤ ᠶᠢᠨ ᠣᠷᠣᠵᠤ ᠭᠠᠷᠬᠤ ᠡᠭᠦᠳᠡ ᠵᠡᠷᠭᠡ ᠲᠠᠯᠠᠪᠤᠷ ᠲᠤ ᠳᠡᠯᠭᠡᠨ ᠦᠵᠡᠭᠦᠯᠬᠦ ᠰᠠᠮᠪᠠᠷ᠎ᠠ᠂ ᠬᠥᠨᠳᠡᠯᠡᠨ ᠪᠢᠴᠢᠭᠡᠰᠦ᠂ ᠡᠯᠧᠺᠲᠷᠣᠨ ᠳᠡᠯᠭᠡᠴᠡ ᠵᠡᠷᠭᠡ ᠬᠡᠯᠪᠡᠷᠢ ᠪᠠᠷ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠬᠤ ᠬᠡᠷᠡᠭᠲᠡᠶ︔          2. ᠭᠤᠤᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ᠰᠤᠷᠤᠯᠴᠠᠯᠭ᠎ᠠ᠂ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠦᠨᠳᠦᠰᠦᠨ ᠬᠠᠤᠯᠢ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠰᠤᠷᠤᠯᠴᠠᠨ᠎ᠠ︔          3. ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠴᠢ ᠬᠠᠷᠢᠶ᠎ᠠ ᠰᠠᠯᠪᠤᠷᠢ ᠠᠩᠭᠢ ᠪᠠ ᠶᠡᠭᠡ ᠠᠩᠭᠢ ᠨᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠦᠢᠯᠡᠴᠢᠯᠡᠬᠦ ᠡᠲᠡᠭᠡᠳ᠂ ᠬᠠᠮᠢᠶᠠᠷᠤᠯᠲᠠ ᠶᠢᠨ ᠲᠠᠯᠠᠪᠤᠷ ᠭᠠᠵᠠᠷ ᠪᠤᠶᠤ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠵᠡᠷᠭᠡ ᠳᠤ ᠴᠢᠭᠯᠡᠭᠦᠯᠦᠨ ︽ᠬᠠᠤᠯᠢ ᠴᠠᠭᠠᠵᠠ ᠶᠢᠨ ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠥᠷᠨᠢᠭᠦᠯᠦᠨ᠎ᠡ︔          4. ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠭᠠᠳᠠᠭᠠᠳᠤ ᠤᠬᠠᠭᠤᠯᠭ᠎ᠠ ᠶᠢᠨ ᠲᠠᠪᠴᠠᠩ ᠳᠤ ᠪᠠᠨ ᠲᠦᠰᠢᠭᠯᠡᠨ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠶ᠃          ︵ᠬᠤᠶᠠᠷ︶ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠤᠬᠠᠭᠤᠯᠭ᠎ᠠ          1. ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ ᠪᠠ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠬᠤ ᠲᠡᠷᠭᠡ ᠵᠡᠷᠭᠡ ᠡᠯ᠎ᠡ ᠲᠥᠷᠥᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ︔          2. ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠬᠡᠮᠵᠢᠶ᠎ᠡ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠥᠷᠲᠡᠭᠡ᠂ ᠵᠠᠰᠠᠮᠠᠯ ᠵᠠᠮ ᠤᠨ ᠰᠦᠢᠳᠭᠡᠯ ᠬᠤᠷᠢᠶᠠᠬᠤ ᠥᠷᠲᠡᠭᠡ ᠪᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠵᠠᠮ ᠬᠠᠷᠢᠯᠴᠠᠭᠠᠨ ᠤ ᠦᠢᠯᠡᠴᠢᠯᠡᠭᠡᠨ ᠤ ᠴᠣᠩᠬᠤ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠴᠣᠩᠬᠤ︔          3. ᠡᠯ᠎ᠡ ᠲᠥᠷᠥᠯ ᠤᠨ ᠵᠠᠭᠤᠴᠢᠯᠠᠭᠤᠷ ᠤᠨ ᠤᠬᠠᠭᠤᠯᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠮᠡᠷᠭᠡᠵᠢᠯ ᠰᠢᠨ᠎ᠡ ᠠᠷᠭ᠎ᠠ ᠪᠠᠷᠢᠯ ᠢ ᠠᠰᠢᠭᠯᠠᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭᠠᠨ ᠤ ᠠᠴᠢᠶᠠᠯᠠᠪᠤᠷᠢ ᠶᠢ ᠥᠷᠨᠢᠭᠦᠯᠦᠨ᠎ᠡ᠃          ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ ᠬᠠᠮᠲᠤ᠂ 12 ᠳ᠋ᠤᠭᠠᠷ ᠰᠠᠷ᠎ᠠ ᠶᠢᠨ 7 ᠤ ᠡᠳᠦᠷ ᠠᠴᠠ ᠡᠮᠦᠨ᠎ᠡ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠪᠠᠶᠢᠳᠠᠯ ︵ᠠᠵᠢᠯ ᠤᠨ ᠳ᠋ᠦᠩᠨᠡᠯᠲᠡ ᠪᠠ ᠠᠵᠢᠯᠯᠠᠭ᠎ᠠ ᠶᠢᠨ ᠵᠢᠷᠤᠭ ᠪᠠᠭᠲᠠᠨ᠎ᠠ︶ ᠢ ᠲᠢᠩᠬᠢᠮ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ ᠲᠤ ᠮᠡᠳᠡᠭᠦᠯᠬᠦ ᠶᠢᠨ ᠬᠠᠮᠲᠤ᠂ ᠡᠯᠧᠺᠲᠷᠣᠨ ᠬᠡᠪᠯᠡᠯ ᠢ ᠮᠡᠳᠡᠭᠦᠯᠦᠨ ᠬᠦᠷᠭᠡᠬᠦ ᠬᠡᠷᠡᠭᠲᠡᠢ᠃          ᠬᠠᠷᠢᠯᠴᠠᠬᠤ ᠬᠥᠮᠦᠨ᠄ ᠤᠷᠢᠬᠠᠨ᠂ ᠬᠠᠷᠢᠯᠴᠠᠬᠤ ᠤᠲᠠᠰᠤ᠄ 0471-6386307 ︵ᠳᠣᠲᠣᠭᠠᠳᠤ ᠤᠲᠠᠰᠤ᠄ 371︶          ᠢᠮᠧᠯ᠄ nmgjtystfgc@126.com                           ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                            2021 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号