2021 ᠣᠨ ᠤ ᠠᠯᠪᠠᠲᠠᠨ ᠰᠢᠯᠢᠨ ᠰᠣᠩᠭᠤᠬᠤ ᠰᠢᠯᠭᠠᠯᠲᠠ ᠶᠢᠨ ᠬᠢᠷᠢ ᠬᠡᠮ ᠢ ᠳᠠᠬᠢᠨ ᠬᠢᠨᠠᠬᠤ᠂ ᠨᠢᠭᠤᠷᠲᠠᠨ ᠰᠢᠯᠭᠠᠬᠤ ᠳᠤ ᠣᠷᠣᠯᠴᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠯᠪᠣᠭᠳᠠᠯ ᠪᠥᠬᠦᠶ ᠮᠡᠳᠡᠭᠳᠡᠯ
ᠨᠡᠶᠢᠲᠡᠯᠡᠭᠰᠡᠨ ᠴᠠᠭ᠄
2021/12/10
ᠡᠯ᠎ᠡ ᠰᠢᠯᠭᠠᠭᠤᠯᠤᠭᠴᠢᠳ᠄      ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠠᠯᠪᠠᠨ ᠵᠠᠷ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠶᠢᠭᠤᠯᠭ᠎ᠠ  ᠶᠢᠨ ᠠᠵᠢᠯ ᠤᠨ ᠪᠠᠶᠢᠷᠢ ᠶᠢᠨ ᠬᠢᠷᠢ ᠬᠡᠮ ᠢ ᠳᠠᠬᠢᠨ ᠬᠢᠨᠠᠬᠤ ᠵᠢᠴᠢ ᠨᠢᠭᠤᠷᠲᠠᠨ ᠰᠢᠯᠭᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠢᠷᠢ ᠬᠡᠮ ᠢ ᠳᠠᠬᠢᠨ ᠬᠢᠨᠠᠬᠤ ᠴᠠᠭ᠄ 2021 ᠣᠨ ᠤ 12 ᠳ᠋ᠤᠭᠠᠷ ᠰᠠᠷ᠎ᠠ ᠶᠢᠨ 15 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠡᠮᠦᠨᠡᠬᠢ 9᠄ 00 — 12᠄ 00᠃      ᠬᠤᠶᠠᠷ᠂ ᠬᠢᠷᠢ ᠬᠡᠮ ᠢ ᠳᠠᠬᠢᠨ ᠬᠢᠨᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︵ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ︶᠃      ᠭᠤᠷᠪᠠ᠂ ᠬᠢᠷᠢ ᠬᠡᠮ ᠢ ᠳᠠᠬᠢᠨ ᠬᠢᠨᠠᠬᠤ ᠳᠤ ᠠᠪᠴᠤ ᠶᠠᠪᠤᠬᠤ ᠴᠢᠬᠤᠯᠠᠲᠠᠢ ᠮᠠᠲ᠋ᠧᠷᠢᠶᠠᠯ      ︵ᠨᠢᠭᠡ︶ ᠲᠣᠰ ᠬᠥᠮᠦᠨ ᠤ ᠪᠡᠶ᠎ᠡ ᠶᠢᠨ ᠦᠨᠡᠮᠯᠡᠯ᠂ ︽ᠰᠢᠯᠢᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾ ᠶᠢᠨ ᠣᠭ ᠮᠠᠲ᠋ᠧᠷᠢᠶᠠᠯ︔      ︵ᠬᠤᠶᠠᠷ︶ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ᠂ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ ᠬᠦᠰᠦᠨᠦᠭᠲᠦ ᠪᠤᠶᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠨᠤᠲᠠᠯᠠᠯᠲᠠ ᠶᠢᠨ ᠮᠡᠳᠡᠭᠦᠯᠦᠯᠲᠡ ︵ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http://www.chsi.com.cn ᠠᠴᠠ ᠪᠠᠭᠤᠯᠭᠠᠵᠤ ᠳᠠᠷᠤᠮᠠᠯᠯᠠᠨ᠎ᠠ︶ ᠶᠢᠨ ᠣᠭ ᠮᠠᠲ᠋ᠧᠷᠢᠶᠠᠯ︔      ︵ᠭᠤᠷᠪᠠ︶ ︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ︵ᠪᠤᠶᠤ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ᠠᠯᠪᠠᠲᠠᠨ ᠡᠯᠰᠡᠨ ᠬᠡᠷᠡᠭᠯᠡᠬᠦ ᠪᠢᠴᠢᠭ ᠮᠠᠲ᠋ᠧᠷᠢᠶᠠᠯ︶ ᠵᠡᠷᠭᠡ ᠠᠯᠪᠠᠲᠠᠨ ᠤ ᠡᠩᠨᠡᠭᠡ ᠳᠤ ᠤᠷᠤᠭᠰᠠᠨ ᠬᠤᠯᠪᠣᠭᠳᠠᠯ ᠪᠥᠬᠦᠶ ᠮᠠᠲ᠋ᠧᠷᠢᠶᠠᠯ︔      ︵ᠳᠥᠷᠪᠡ︶ ︽ᠠᠯᠪᠠᠲᠠᠨ ᠤ ᠳᠡᠩᠰᠡᠯᠡᠯᠲᠡ ᠶᠢᠨ ᠬᠦᠰᠦᠨᠦᠭᠲᠦ︾ ᠪᠤᠶᠤ ︽ᠠᠯᠪᠠᠲᠠᠨ ᠤ ᠬᠠᠤᠯᠢ ᠶᠢᠨ ᠬᠠᠮᠢᠶᠠᠷᠤᠯᠲᠠ ᠶᠢᠨ ᠨᠢᠭᠡᠴᠢ ᠶᠢᠨ ᠠᠵᠢᠯᠲᠠᠨ ᠤ ᠳᠡᠩᠰᠡᠯᠡᠯᠲᠡ ᠶᠢᠨ ᠬᠦᠰᠦᠨᠦᠭᠲᠦ︾᠂ ᠲᠤᠰᠢᠶᠠᠯ ᠡᠭᠦᠷᠭᠡᠯᠡᠬᠦ ᠪᠢᠴᠢᠭ ᠮᠠᠲ᠋ᠧᠷᠢᠶᠠᠯ᠂ ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠨᠡᠮᠯᠡᠯ ᠵᠡᠷᠭᠡ ᠠᠯᠪᠠᠲᠠᠨ ᠤ ᠪᠡᠶ᠎ᠡ ᠶᠢᠨ ᠭᠠᠷᠤᠯ ᠢ ᠭᠡᠷᠡᠴᠢᠯᠡᠬᠦ ᠮᠠᠲ᠋ᠧᠷᠢᠶᠠᠯ ᠤᠨ ᠬᠠᠭᠤᠯᠪᠤᠷᠢ ︵ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠳᠠᠷᠤᠭᠰᠠᠨ ᠭᠡᠷᠡᠴᠢ ᠪᠠᠶᠢᠬᠤ ᠬᠡᠷᠡᠭᠲᠡᠶ︶︔      ︵ᠲᠠᠪᠤ︶ ᠣᠶᠢᠷ᠎ᠠ ᠶᠢᠨ ᠬᠤᠭᠤᠴᠠᠭᠠᠨ ᠤ ᠬᠥᠬᠡ ᠳᠡᠪᠢᠰᠬᠡᠷᠲᠦ ᠮᠠᠯᠠᠭᠠᠶ ᠥᠬᠡᠶ 2 ᠢᠮᠠᠬᠤ ᠶᠢᠨ ᠰᠡᠭᠦᠳᠡᠷ 3 ᠬᠤᠪᠢ︔      ᠠᠶᠢᠮᠠᠭ ᠬᠤᠲᠠ ᠶᠢᠨ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠠᠯᠪᠠᠲᠠᠨ ︵ᠠᠵᠢᠯᠲᠠᠨ︶ ᠨᠢ ᠦᠨᠳᠦᠰᠦᠨ ᠱᠠᠲᠤᠨ ᠳᠤ ᠬᠤᠶᠠᠷ ᠵᠢᠯ ᠠᠴᠠ ᠳᠡᠭᠡᠭᠰᠢ ᠠᠵᠢᠯᠯᠠᠭᠰᠠᠨ ᠥᠩᠭᠡᠷᠡᠯᠲᠡ ᠶᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠰᠣᠩᠭᠤᠨ ᠠᠪᠤᠭᠰᠠᠨ ᠰᠣᠷᠣᠭᠴᠢ ᠶᠢᠨ ᠠᠵᠢᠯ ᠤᠨ ᠪᠠᠶᠢᠷᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠨᠢ᠂ ᠪᠠᠰᠠ ᠰᠣᠩᠭᠤᠨ ᠠᠪᠤᠭᠰᠠᠨ ᠰᠣᠷᠣᠭᠴᠢ ᠶᠢᠨ ᠪᠡᠶ᠎ᠡ ᠶᠢᠨ ᠦᠨᠡᠮᠯᠡᠯ ᠤᠨ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠳ ᠲᠤ ᠲᠤᠬᠠᠶ ᠶᠢᠨ ᠲᠠᠯᠠᠪᠠᠢ ᠳᠤ ᠨᠢ ︽ᠨᠢᠭᠤᠷᠲᠠᠨ ᠰᠢᠯᠭᠠᠬᠤ ᠵᠥᠪᠰᠢᠶᠡᠷᠡᠯ ᠤᠨ ᠦᠨᠡᠮᠯᠡᠯ︾ ᠣᠯᠭᠤᠨ᠎ᠠ᠃ ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠥᠬᠡᠶ᠂ ᠲᠣᠭᠲᠠᠭᠰᠠᠨ ᠴᠠᠭ ᠤᠨ ᠳᠣᠲᠣᠷ᠎ᠠ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠥᠬᠡᠶ ᠬᠥᠮᠦᠰ ᠤᠨ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠂ ᠡᠭᠦᠨ ᠠᠴᠠ ᠪᠣᠯᠤᠭᠰᠠᠨ ᠳᠤᠲᠠᠭᠳᠠᠯ ᠢ ᠲᠣᠰ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠬᠦᠷᠲᠡᠯᠡᠬᠢ ᠲᠠᠰ ᠳᠠᠷᠠᠭᠠᠯᠠᠯ ᠢᠶᠠᠷ ᠲᠠᠰ ᠳᠠᠷᠠᠭᠠᠯᠠᠨ ᠨᠥᠬᠦᠪᠥᠷᠢᠯᠡᠵᠦ᠂ ᠨᠢᠭᠡ ᠯᠡ ᠤᠳᠠᠭ᠎ᠠ ᠨᠥᠬᠦᠪᠥᠷᠢᠯᠡᠨ᠎ᠡ᠃ ᠳᠠᠷᠠᠭᠠᠯᠠᠨ ᠨᠥᠬᠦᠪᠥᠷᠢᠯᠡᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠳᠠᠩᠰᠠᠯᠠᠭᠤᠯᠬᠤ ᠬᠡᠷᠡᠭᠲᠡᠶ᠃      ᠣᠨᠴᠠᠭᠠᠶᠢᠯᠠᠨ ᠰᠠᠨᠠᠭᠤᠯᠬᠤ ᠨᠢ᠄ ᠰᠢᠯᠭᠠᠭᠤᠯᠤᠭᠴᠢ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠬᠤ ᠳᠤ ᠪᠠᠨ ᠡᠷᠬᠡᠪᠰᠢ ᠮᠠᠲ᠋ᠧᠷᠢᠶᠠᠯ ᠢ ᠳᠡᠭᠡᠷ᠎ᠡ ᠳᠤᠷᠠᠳᠤᠭᠰᠠᠨ ᠲᠠᠰ ᠳᠠᠷᠠᠭᠠᠯᠠᠯ ᠢᠶᠠᠷ ᠣᠭ ᠮᠠᠲ᠋ᠧᠷᠢᠶᠠᠯ ᠪᠠ ᠬᠠᠭᠤᠯᠪᠤᠷᠢ ᠪᠣᠯᠭᠠᠨ ᠡᠮᠬᠢᠯᠡᠵᠦ᠂ ᠬᠠᠭᠤᠯᠪᠤᠷᠢ ᠶᠢ ᠬᠢᠨᠠᠨ ᠬᠠᠷᠭᠤᠭᠤᠯᠤᠭᠴᠢ ᠦᠯᠡᠳᠡᠭᠡᠨ ᠬᠠᠳᠠᠭᠠᠯᠠᠨ᠎ᠠ᠃      ᠳᠥᠷᠪᠡ᠂ ᠬᠢᠷᠢ ᠬᠡᠮ ᠢ ᠳᠠᠬᠢᠨ ᠬᠢᠨᠠᠬᠤ ᠶᠠᠪᠤᠴᠠ      ︵ᠨᠢᠭᠡ︶ ᠰᠢᠯᠭᠠᠭᠤᠯᠤᠭᠴᠢ ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠨᠡᠪᠲᠡᠷᠡᠬᠦ ᠺᠣᠳ᠋ ︵ᠨᠣᠭᠤᠭᠠᠨ ᠺᠣᠳ᠋︶ ᠪᠠ 48 ᠴᠠᠭ ᠤᠨ ᠳᠣᠲᠣᠷ᠎ᠠ ᠥᠯᠢᠭᠡᠷ ᠠᠪᠤᠭᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠦᠵᠡᠭᠦᠯᠬᠦ ᠬᠡᠷᠡᠭᠲᠡᠶ᠃      ︵ᠬᠤᠶᠠᠷ︶ ᠬᠢᠨᠠᠨ ᠬᠠᠷᠭᠤᠭᠤᠯᠤᠭᠴᠢ ᠨᠢ ᠰᠢᠯᠭᠠᠭᠤᠯᠤᠭᠴᠢ ᠶᠢᠨ ᠬᠠᠩᠭᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃ ᠳᠠᠬᠢᠨ ᠬᠢᠨᠠᠭᠠᠳ ᠬᠢᠷᠢ ᠲᠡᠩᠴᠡᠭᠰᠡᠳ ᠲᠤ ᠠᠵᠢᠯᠲᠠᠨ ᠨᠢᠭᠤᠷᠲᠠᠨ ᠰᠢᠯᠭᠠᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠃      ᠲᠠᠪᠤ᠂ ᠨᠢᠭᠤᠷᠲᠠᠨ ᠰᠢᠯᠭᠠᠬᠤ      ᠪᠦᠲᠦᠴᠡ ᠶᠢᠨ ᠴᠢᠨᠠᠷᠲᠠᠶ ᠨᠢᠭᠤᠷᠳᠠᠬᠤ ᠰᠢᠯᠭᠠᠯᠲᠠ ᠶᠢᠨ ᠬᠡᠯᠪᠡᠷᠢ ᠶᠢ ᠬᠡᠷᠡᠭᠯᠡᠨ᠎ᠡ᠃      ︵ᠨᠢᠭᠡ︶ ᠨᠢᠭᠤᠷᠲᠠᠨ ᠰᠢᠯᠭᠠᠬᠤ ᠴᠠᠭ ᠪᠠ ᠭᠠᠵᠠᠷ᠄ 2021 ᠣᠨ ᠤ 12 ᠳ᠋ᠤᠭᠠᠷ ᠰᠠᠷ᠎ᠠ ᠶᠢᠨ 18 ᠤ ᠡᠳᠦᠷ ︵ᠭᠠᠷᠠᠭ ᠤᠨ ᠵᠢᠷᠭᠤᠭᠠᠨ︶ ᠤᠨ ᠦᠳᠡ ᠶᠢᠨ ᠡᠮᠦᠨ᠎ᠡ᠂ ᠪᠣᠳᠠᠲᠠᠶ ᠭᠠᠵᠠᠷ ᠢ ᠨᠢᠭᠤᠷᠲᠠᠨ ᠰᠢᠯᠭᠠᠬᠤ ᠵᠥᠪᠰᠢᠶᠡᠷᠡᠯ ᠤᠨ ᠦᠨᠡᠮᠯᠡᠯ ᠳᠤ ᠦᠵᠡ᠃      ︵ᠬᠤᠶᠠᠷ︶ ᠪᠤᠰᠤᠳ ᠵᠦᠢᠯ ᠤᠳ᠄      1. ᠨᠢᠭᠤᠷᠲᠠᠨ ᠰᠢᠯᠭᠠᠬᠤ ᠦᠶ᠎ᠡ ᠳᠤ ᠠᠵᠢᠯ ᠲᠥᠷᠥᠯ ᠪᠤᠶᠤ ᠣᠨᠴᠠᠭᠠᠶ ᠠᠵᠢᠯ ᠤᠨ ᠳᠦᠷᠢᠮᠲᠦ ᠬᠤᠪᠴᠠᠰᠤ ᠡᠮᠦᠰᠴᠦ ᠪᠣᠯᠬᠤ ᠥᠬᠡᠶ᠂ ᠢᠯᠡᠷᠬᠡᠶ ᠣᠨᠴᠠᠭᠠᠶ ᠲᠡᠮᠳᠡᠭ ᠲᠠᠢ ᠵᠠᠰᠠᠯ ᠴᠢᠮᠡᠭᠯᠡᠯ ᠵᠡᠭᠦᠵᠦ ᠪᠣᠯᠬᠤ ᠥᠬᠡᠶ︔      2. ᠪᠤᠰᠤᠳ ᠤᠴᠢᠷ ᠶᠠᠪᠤᠳᠠᠯ ᠢ ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠠᠯᠪᠠᠨ ᠵᠠᠷ︾ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃      ᠯᠠᠪᠯᠠᠬᠤ ᠤᠲᠠᠰᠤ᠄ 0471-4953172
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号