ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠤᠷᠤᠭᠰᠢᠯᠠᠨ ᠳᠠᠪᠰᠢᠬᠤ ᠬᠦᠴᠦᠨ ᠢ ᠬᠥᠭᠵᠢᠭᠡᠨ᠎ᠡ —ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/17
     ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ  ᠤᠨ ︽ᠬᠤᠤᠰ ᠨᠡᠷ᠎ᠡ ᠮᠡᠳᠡᠭᠦᠯᠬᠦ︾ ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ︽ᠨᠠᠶᠮᠠ ᠶᠢ ᠨᠡᠶᠢᠭᠡᠮ ᠲᠣᠭᠤᠷᠢᠭ ᠲᠤ ᠣᠷᠣᠭᠤᠯᠬᠤ︾ ᠲᠣᠬᠢᠷᠠᠭᠤᠯᠤᠯᠲᠠ ᠶᠣᠰᠣᠭᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠤᠷᠠᠯᠢᠭ ᠤᠨ ᠲᠢᠩᠬᠢᠮ ᠤᠨ ᠡᠮᠦᠨ᠎ᠡ ᠵᠡᠭᠡᠯᠢ ᠤᠨ ᠨᠡᠶᠢᠭᠡᠮ ᠲᠣᠭᠤᠷᠢᠭ ᠲᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠶᠤᠤ ᠸᠧᠨ᠂ ᠲᠢᠩᠬᠢᠮ ᠤᠨ ᠪᠠᠶᠢᠭᠤᠯᠭ᠎ᠠ ᠶᠢᠨ ᠨᠠᠮ  ᠤᠨ ᠬᠤᠷᠢᠶ᠎ᠠ ︵ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ︶ ᠶᠢᠨ ᠨᠠᠮ ᠤᠨ ᠡᠭᠦᠷ᠂ ᠡᠳ᠋ ᠤᠨ ᠶᠠᠪᠤᠳᠠᠯ ᠤᠨ ᠭᠠᠵᠠᠷ ᠤᠨ ᠨᠠᠮ ᠤᠨ ᠡᠭᠦᠷ᠂ ᠣᠩᠭᠤᠴᠠ ᠪᠠᠶᠢᠴᠠᠭᠠᠬᠤ ᠥᠷᠲᠡᠭᠡ ᠶᠢᠨ ᠨᠠᠮ ᠤᠨ ᠡᠭᠦᠷ᠂ ᠪᠠᠲᠤᠯᠠᠭ᠎ᠠ ᠶᠢᠨ ᠲᠥᠪ ᠤᠨ ᠨᠠᠮ ᠤᠨ ᠡᠭᠦᠷ ᠵᠢᠴᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠨᠠᠮ ᠤᠨ ᠬᠤᠷᠢᠶᠠᠨ ᠤ ᠬᠡᠰᠡᠭ ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠪᠠ᠃
     ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠨᠠᠮ ᠤᠨ ᠭᠡᠰᠢᠭᠦᠨ ᠺᠠᠳ᠋ᠷ ᠠᠴᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠨᠠᠭᠠᠰᠢ ᠴᠠᠭᠠᠰᠢ ᠶᠠᠪᠤᠬᠤ ᠶᠠᠪᠠᠭᠠᠨ ᠬᠥᠮᠦᠨ ᠳᠤ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠠᠭᠤᠨ ᠤ ᠲᠥᠬᠦᠭᠡᠷᠦᠮᠵᠢ ᠪᠠᠷ ᠳᠠᠮᠵᠢᠭᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠠᠯᠪᠠᠨ ᠮᠡᠳᠡᠭᠡ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠢ ᠬᠤᠷᠠᠯᠳᠤᠭᠤᠯᠵᠤ ᠰᠢᠨ᠎ᠡ ᠲᠡᠦᠬᠡᠲᠦ ᠰᠢᠢᠳᠪᠦᠷᠢ ᠭᠠᠷᠭᠠᠭᠰᠠᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ  ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠴᠢᠬᠤᠯᠠ ᠶᠡᠭᠡ ᠠᠮᠵᠢᠯᠲᠠ ᠪᠦᠲᠦᠮᠵᠢ ᠶᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠤᠨ ᠲᠡᠦᠬᠡᠲᠦ ᠴᠢᠨᠠᠷᠲᠠᠢ ᠬᠤᠪᠢᠰᠤᠯᠲᠠ ᠶᠢ ᠲᠣᠳᠣᠷᠬᠠᠶᠢᠯᠠᠨ ᠥᠭᠦᠯᠡᠵᠡᠢ᠃ ᠡᠭᠦᠨ ᠤ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠲᠤᠬᠠᠢ ᠭᠦᠨᠵᠡᠭᠡᠢ ᠤᠬᠠᠭᠤᠯᠤᠨ ᠲᠠᠶᠢᠯᠪᠤᠷᠢᠯᠠᠪᠠ᠃
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠨᠡᠶᠢᠭᠡᠮ ᠲᠣᠭᠤᠷᠢᠭ ᠲᠤ ᠤᠬᠠᠭᠤᠯᠭ᠎ᠠ ᠶᠢᠨ ᠭᠦᠨ ᠵᠤᠵᠠᠭᠠᠨ ᠣᠷᠴᠢᠨ ᠲᠣᠭᠤᠷᠢᠨ ᠢ ᠪᠣᠶ ᠪᠣᠯᠭᠠᠵᠤ᠂ ᠨᠠᠮ ᠤᠨ ᠭᠡᠰᠢᠭᠦᠨ ᠺᠠᠳ᠋ᠷ ᠪᠣᠯᠤᠨ ᠨᠡᠶᠢᠭᠡᠮ ᠲᠣᠭᠤᠷᠢᠭ  ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠶᠢᠯᠠᠭᠠᠨ ᠡᠵᠡᠮᠰᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠣᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠬᠤ ᠶᠢ ᠠᠬᠢᠭᠤᠯᠪᠠ᠃ ︵ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ  ᠡᠬᠡ ᠪᠢᠴᠢᠭ ᠬᠠᠩᠭᠠᠪᠠ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号