ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠪᠠᠶᠢᠭᠤᠯᠵᠤ ᠪᠠᠶᠢᠭ᠎ᠠ ᠵᠠᠰᠠᠮᠠᠯ ᠵᠠᠮ ᠤᠨ ᠲᠥᠷᠥᠯ ᠵᠦᠶᠯ ᠤᠨ ᠡᠪᠦᠯ ᠤᠨ ᠤᠯᠠᠷᠢᠯ ᠳᠠᠬᠢ ᠪᠠᠷᠢᠯᠭ᠎ᠠ ᠶᠢᠨ ᠭᠠᠵᠠᠷ ᠤᠨ ︽ᠠᠮᠤᠷ ᠲᠦᠪᠰᠢᠨ ᠤ ᠬᠥᠪᠴᠢ︾ ᠶᠢ ᠴᠢᠩᠭᠠᠯᠠᠪᠠ
ᠨᠡᠶᠢᠲᠡᠯᠡᠭᠰᠡᠨ ᠴᠠᠭ᠄
2021/12/2
     ᠣᠶᠢᠷ᠎ᠠ ᠳᠤ᠂ ᠮᠠᠨ ᠤ ᠣᠷᠣᠨ ᠳᠤ ᠶᠡᠭᠡ ᠴᠠᠰᠤ ᠣᠷᠣᠵᠤ᠂ ᠬᠡᠰᠡᠭ ᠭᠠᠵᠠᠷ ᠣᠷᠣᠨ ᠳᠤ ᠴᠠᠰᠤ ᠤᠷᠤᠭᠰᠠᠨ  ᠠᠴᠠ ᠬᠦᠨᠳᠦ ᠨᠣᠴᠢᠲᠠᠶ ᠭᠠᠮᠰᠢᠭ ᠪᠣᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠠᠰᠤ ᠣᠷᠣᠬᠤ ᠭᠠᠮᠰᠢᠭ ᠢ ᠠᠷᠭᠠᠴᠠᠭᠠᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠣᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ ᠠᠪᠴᠤ᠂ ᠪᠠᠶᠢᠭᠤᠯᠵᠤ ᠪᠠᠶᠢᠭ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠪᠦᠯ ᠤᠨ ᠤᠯᠠᠷᠢᠯ ᠳᠠᠬᠢ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠥᠮᠦᠰ ᠵᠢᠴᠢ ᠪᠠᠷᠢᠯᠭ᠎ᠠ ᠶᠢᠨ ᠠᠮᠤᠷ ᠲᠥᠪᠰᠢᠨ ᠤ ᠬᠠᠮᠢᠶᠠᠷᠤᠯᠲᠠ ᠶᠢ ᠦᠨᠡᠨ ᠬᠦ ᠪᠠᠲᠤᠯᠠᠪᠠ᠃      ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠡᠯ᠎ᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠡᠪᠦᠯ ᠤᠨ ᠠᠮᠠᠷᠠᠯᠲᠠ ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠯ᠎ᠡ ᠵᠦᠶᠯ ᠤᠨ ᠠᠮᠤᠷ ᠲᠦᠪᠰᠢᠨ ᠤ ᠳᠠᠯᠳᠠ ᠬᠡᠮ  ᠢ ᠠᠷᠢᠯᠭᠠᠨ᠂ ᠠᠶᠤᠯᠭᠦᠶ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠵᠦᠶᠯ ᠤᠨ ᠲᠣᠭᠲᠠᠭᠤᠨ ᠢᠶᠠᠷ ᠡᠪᠦᠯ ᠤᠨ ᠠᠮᠠᠷᠠᠯᠲᠠ ᠶᠢ ᠥᠩᠭᠡᠷᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠡᠯ᠎ᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠨᠢ ᠠᠵᠢᠯ ᠡᠷᠬᠢᠯᠡᠵᠦ ᠪᠠᠶᠢᠭ᠎ᠠ ᠨᠢᠭᠡᠴᠢ ᠶᠢ ᠵᠣᠬᠢᠶᠠᠨ ᠪᠠᠶᠢᠭᠤᠯᠵᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠴᠢᠭᠯᠡᠭᠦᠯᠦᠨ ᠠᠶᠤᠯᠭᠦᠢ ᠦᠶᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠶᠤᠯᠭᠦᠢ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠨᠢᠭᠡᠴᠢ᠂ ᠡᠯ᠎ᠡ ᠰᠠᠭᠤᠭ᠎ᠠ ᠭᠠᠵᠠᠷ ᠤᠨ ᠠᠶᠤᠯᠭᠦᠢ ᠦᠶᠯᠡᠳᠪᠦᠷᠢᠯᠡᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠨ ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠬᠤᠯᠪᠣᠭᠠᠯᠠᠨ ᠬᠥᠳᠡᠯᠦᠯᠴᠡᠬᠦ ᠶᠢ ᠰᠠᠶᠢᠲᠤᠷ ᠬᠢᠵᠦ᠂ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠤᠨ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠰᠠᠭᠠᠳ ᠥᠬᠡᠶ ᠨᠡᠪᠲᠡᠷᠡᠭᠦᠯᠵᠦ᠂ ᠠᠶᠤᠯᠭᠦᠢ ᠦᠶᠯᠡᠳᠪᠦᠷᠢᠯᠡᠯ ᠤᠨ ︽ᠥᠯᠥ ᠮᠡᠳᠡᠭᠦᠯᠬᠦ︾ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ᠪᠠᠷᠢᠯᠭ᠎ᠠ ᠶᠢᠨ ᠭᠠᠵᠠᠷ ᠤᠨ ᠠᠵᠢᠯᠲᠠᠨ ᠪᠠ ᠡᠳ᠋ ᠬᠥᠷᠥᠩᠭᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠲᠥᠷᠥᠯ ᠵᠦᠶᠯ ᠤᠨ ᠨᠢᠭᠡᠴᠢ ᠶᠢᠨ ᠪᠠᠷᠢᠯᠭ᠎ᠠ ᠶᠢᠨ ᠭᠠᠵᠠᠷ ᠲᠤ ᠰᠠᠭᠤᠭ᠎ᠠ ᠬᠥᠮᠦᠰ᠂ ᠬᠡᠷ ᠪᠠᠶᠢᠰᠢᠩ ᠤᠨ ᠪᠠᠶᠢᠳᠠᠯ ᠢ ᠨᠠᠷᠢᠨ ᠣᠶᠢᠯᠠᠭᠠᠵᠤ᠂ ᠲᠤᠶᠢᠯ ᠤᠨ ᠶᠡᠭᠡ ᠴᠠᠰᠤ ᠣᠷᠣᠬᠤ᠂ ᠶᠡᠭᠡ ᠰᠠᠯᠬᠢ ᠲᠠᠢ ᠴᠠᠭ ᠠᠭᠤᠷ ᠢ ᠡᠰᠡᠷᠭᠦᠴᠡᠬᠦ ᠵᠡᠷᠭᠡ ᠬᠡᠷᠡᠭᠴᠡᠭᠡ ᠶᠢ ᠭᠦᠶᠴᠡᠳ ᠪᠣᠳᠣᠯᠬᠢᠯᠠᠵᠤ᠂ ᠪᠦᠲᠦᠴᠡ ᠨᠢ ᠪᠠᠭᠤᠷᠠᠶ ᠬᠥᠳᠡᠯᠭᠡᠭᠡᠨ ᠤ ᠬᠠᠪᠲᠠᠰᠤᠨ ᠬᠡᠷ᠂ ᠲᠠᠯᠠᠪᠤᠷ ᠥᠷᠲᠡᠭᠡ᠂ ᠥᠨᠳᠥᠷ ᠲᠤᠯᠭᠠᠭᠤᠷᠲᠤ ᠲᠤᠯᠬᠤ ᠵᠢᠶᠠᠰᠠ ᠵᠡᠷᠭᠡ ᠪᠠᠷᠢᠯᠭ᠎ᠠ ᠶᠢᠨ ᠲᠦᠷ ᠴᠠᠭ ᠤᠨ ᠪᠦᠲᠦᠴᠡ ᠳᠤ ᠴᠢᠬᠤᠯᠠ ᠪᠦᠬᠦᠢ ᠪᠠᠬᠢᠯᠡᠨ ᠰᠢᠢᠳᠪᠦᠷᠢᠯᠡᠨ᠎ᠡ᠃ ᠭᠦᠢᠴᠡᠳ ᠪᠦᠬᠦᠢ ᠲᠦᠯᠡᠰᠢ ᠪᠣᠯᠤᠨ ᠦᠨᠳᠦᠰᠦᠨ ᠠᠮᠢᠳᠤᠷᠠᠯ ᠤᠨ ᠡᠳ᠋ ᠪᠣᠳᠠᠰ ᠨᠥᠭᠡᠴᠡᠯᠡᠵᠦ᠂ ᠭᠠᠯ ᠰᠡᠷᠭᠡᠶᠢᠯᠡᠬᠦ᠂ ᠨᠡᠭᠦᠷᠡᠰᠦᠨ ᠬᠡᠢ ᠳᠤ ᠬᠤᠣᠷᠳᠠᠭᠳᠠᠬᠤ ᠶᠢ ᠰᠡᠷᠭᠡᠶᠢᠯᠡᠬᠦ ᠵᠡᠷᠭᠡ ᠠᠮᠤᠷ ᠲᠥᠪᠰᠢᠨ ᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠭᠠᠵᠠᠷ ᠤᠨ ᠬᠥᠮᠦᠰ ᠤᠨ ᠠᠮᠤᠷ ᠲᠦᠪᠰᠢᠨ ᠪᠣᠯᠤᠨ ᠠᠮᠢᠳᠤᠷᠠᠯ ᠤᠨ ᠪᠠᠲᠤᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠡᠵᠡᠩᠨᠡᠯᠲᠡ ᠶᠢᠨ ᠳᠦᠲᠡ ᠵᠠᠮ ᠢ ᠪᠠᠲᠤᠯᠠᠬᠤ ᠬᠢᠭᠡᠳ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ  ᠢᠶᠠᠨ ᠰᠠᠶᠢᠲᠤᠷ ᠬᠢᠨ᠎ᠡ᠃ ᠪᠠᠶᠢᠭᠤᠯᠵᠤ ᠪᠠᠶᠢᠭ᠎ᠠ ᠬᠠᠶᠢᠯᠠᠷ ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ ᠡᠷᠢᠶᠡᠨ ᠠᠴᠠ ᠰᠠᠶᠢᠬᠠᠨᠲᠠᠯ᠎ᠠ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠲᠦᠷᠦᠯ ᠵᠦᠢᠯ ᠪᠣᠯ ᠴᠥᠮ ᠤᠤᠯ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠰᠠᠭᠤᠷᠢᠨ ᠳᠡᠭᠡᠷ᠎ᠡ ᠥᠭᠡᠷᠡᠴᠢᠯᠡᠨ ᠪᠠᠶᠢᠭᠤᠯᠤᠭᠰᠠᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠷᠦᠯ ᠵᠦᠢᠯ᠂ ᠤᠤᠯ ᠤᠨ ᠨᠢᠭᠡᠳᠦᠭᠡᠷ ᠳᠡᠰ ᠤᠨ ᠵᠠᠰᠠᠮᠠᠯ ᠵᠠᠮ ᠨᠢ ᠣᠷᠣᠨ ᠪᠦᠰᠡ ᠶᠢᠨ ᠵᠠᠮ ᠬᠠᠷᠢᠯᠴᠠᠭᠠᠨ ᠤ ᠭᠤᠤᠯ ᠵᠠᠮ ᠤᠨ ᠴᠢᠳᠠᠮᠵᠢ ᠶᠢ ᠡᠭᠦᠷᠭᠡᠯᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠡᠯ᠎ᠡ ᠲᠥᠷᠥᠯ ᠵᠦᠶᠯ ᠤᠨ ᠨᠢᠭᠡᠴᠢ ᠶᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠭᠡᠭᠡᠪᠦᠷᠢᠯᠡᠨ ᠡᠵᠡᠩᠨᠡᠬᠦ ᠳᠦᠲᠡ ᠵᠠᠮ ᠤᠨ ᠨᠡᠪᠲᠡᠷᠡᠬᠦ ᠶᠢ ᠪᠠᠲᠤᠯᠠᠬᠤ ᠶᠢ ᠴᠢᠬᠤᠯᠠ ᠠᠵᠢᠯ ᠪᠣᠯᠭᠠᠨ ᠠᠳᠬᠤᠵᠤ᠂ ᠪᠠᠷᠢᠯᠭ᠎ᠠ ᠶᠢᠨ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠠᠳ ᠲᠡᠭᠡᠭᠡᠪᠦᠷᠢᠯᠡᠨ ᠡᠵᠡᠩᠨᠡᠬᠦ ᠳᠥᠲᠡ ᠵᠠᠮ ᠢ ᠨᠠᠷᠢᠨ ᠵᠢᠭᠰᠠᠭᠠᠨ ᠪᠠᠶᠢᠴᠠᠭᠠᠵᠤ᠂ ᠲᠦᠷ ᠴᠠᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠪᠠ ᠵᠢᠭᠠᠯᠲᠠ ᠲᠡᠮᠳᠡᠭ ᠢ ᠲᠡᠭᠦᠯᠳᠡᠷᠵᠢᠭᠦᠯᠦᠨ᠂ ᠠᠶᠠᠨᠴᠢᠳ᠂ ᠪᠠᠷᠠᠭᠠᠨ ᠤ ᠲᠡᠷᠭᠡ ᠬᠦᠰᠬᠡ ᠶᠢᠨ ᠠᠮᠤᠷ ᠲᠦᠪᠰᠢᠨ ᠢᠶᠠᠷ ᠨᠡᠪᠲᠡᠷᠡᠬᠦ ᠶᠢ ᠪᠠᠲᠤᠯᠠᠨ᠂ ᠳᠦᠲᠡ ᠵᠠᠮ ᠤᠨ ᠡᠳᠦᠷ ᠲᠤᠲᠤᠮ ᠤᠨ ᠴᠠᠭᠳᠠᠨ ᠪᠠᠶᠢᠴᠠᠭᠠᠯᠲᠠ  ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠭᠡᠭᠡᠪᠦᠷᠢᠯᠡᠨ ᠡᠵᠡᠩᠨᠡᠬᠦ ᠳᠦᠲᠡ ᠵᠠᠮ ᠱᠤᠭᠤᠮ ᠵᠢᠴᠢ ᠦᠶᠯᠡᠴᠢᠯᠡᠭᠡᠨ ᠤ ᠤᠲᠠᠰᠤ ᠶᠢ ᠨᠡᠶᠢᠭᠡᠮ ᠳᠤ ᠨᠡᠶᠢᠲᠡᠯᠡᠵᠦ᠂ ᠴᠠᠭ ᠲᠤᠬᠠᠶ ᠳᠤ ᠨᠢ ᠠᠪᠤᠷᠠᠨ ᠲᠤᠰᠠᠯᠠᠬᠤ ᠲᠡᠷᠭᠡ ᠶᠢ ᠵᠣᠬᠢᠶᠠᠨ ᠪᠠᠶᠢᠭᠤᠯᠤᠨ᠂ ᠪᠠᠷᠢᠯᠭ᠎ᠠ ᠳᠠᠭᠤᠰᠤᠭᠠᠳᠤᠶ ᠵᠠᠮ ᠤᠨ ᠬᠡᠰᠡᠭ ᠢ ᠪᠦᠲᠦᠮᠵᠢᠲᠡᠶ ᠪᠢᠲᠡᠭᠦᠮᠵᠢᠯᠡᠬᠦ ᠶᠢᠨ ᠬᠠᠮᠲᠤ ᠢᠯᠭᠠᠬᠤ ᠲᠡᠮᠳᠡᠭ ᠢᠶᠠᠷ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠨᠡᠶᠢᠭᠡᠮ ᠤᠨ ᠲᠡᠷᠭᠡ ᠬᠦᠰᠬᠡ ᠶᠢᠨ ᠪᠤᠷᠤᠭᠤ ᠣᠷᠣᠵᠤ ᠬᠠᠰᠢᠭᠳᠠᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃      ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠨ᠎ᠡ᠃ ᠡᠯ᠎ᠡ ᠪᠠᠶᠢᠭᠤᠯᠵᠤ ᠪᠠᠶᠢᠭ᠎ᠠ ᠲᠥᠷᠥᠯ ᠵᠦᠶᠯ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠢᠴᠢ ᠪᠠᠷᠢᠯᠭ᠎ᠠ ᠶᠢᠨ ᠲᠤᠬᠠᠶ  ᠶᠢᠨ ᠲᠠᠯᠠᠪᠠᠶ ᠶᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠦᠯᠡᠳᠡᠨ ᠰᠠᠬᠢᠬᠤ ᠬᠥᠮᠦᠰ ᠢ ᠵᠣᠬᠢᠶᠠᠨ ᠪᠠᠶᠢᠭᠤᠯᠵᠤ ᠪᠠᠶᠢᠭᠠᠳ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠳ ᠲᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠢᠳᠡᠭᠡᠨ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠬᠤᠳᠠᠯᠳᠤᠨ ᠠᠪᠤᠭᠰᠠᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ︔ ᠪᠠᠷᠢᠯᠭ᠎ᠠ ᠶᠢᠨ ᠭᠠᠵᠠᠷ ᠨᠢ ᠭᠦᠶᠴᠡᠳ ᠲᠤᠭ᠎ᠠ ᠬᠡᠮᠵᠢᠶᠡᠨ ᠤ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠵᠦ᠂ ᠬᠠᠷᠢᠴᠠᠩᠭᠤᠶ ᠲᠤᠰᠠᠭᠠᠷ᠂ ᠰᠠᠯᠬᠢ ᠰᠠᠶᠢᠨ ᠨᠡᠪᠲᠡᠷᠡᠬᠦ ᠲᠤᠰᠠᠭᠠᠷ ᠥᠷᠥᠭᠡ ᠪᠠᠶᠢᠭᠤᠯᠵᠤ ᠲᠦᠷ ᠴᠠᠭ ᠤᠨ ᠲᠤᠰᠠᠭᠠᠷᠯᠠᠬᠤ ᠴᠡᠭ ᠪᠣᠯᠭᠠᠵᠤ᠂ ᠬᠠᠷᠢᠶ᠎ᠠ ᠭᠠᠵᠠᠷ ᠤᠨ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠨᠢᠭᠡᠳᠦᠯᠲᠡᠶ ᠲᠣᠬᠢᠷᠠᠭᠤᠯᠭ᠎ᠠ᠂ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠳᠠᠭᠠᠵᠤ᠂ ᠬᠢᠵᠢᠭ ᠤᠨ ᠪᠠᠶᠢᠳᠠᠯ ᠤᠨ ᠰᠦᠪᠡᠭᠴᠢ ᠶᠢ ᠴᠠᠭ ᠲᠤᠬᠠᠶ ᠳᠤ ᠨᠢ ᠳᠡᠭᠡᠭᠰᠢ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃  ︵ᠸᠠᠩ ᠹᠠᠩ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号