ᠲᠢᠩᠬᠢᠮ ᠤᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/21
ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠤ᠄      ᠤᠯᠤᠰ᠂ ᠥᠪᠡᠷᠲᠡᠭᠡᠨ ᠵᠠᠰᠠᠬᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 208 ᠳ᠋ᠤᠭᠠᠷ ᠲᠣᠭᠠᠲᠤ︶ ᠶᠢᠨ ᠠᠷᠪᠠᠳᠤᠭᠠᠷ ᠵᠦᠢᠯ ᠤᠨ ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠣᠬᠢᠴᠠᠭᠤᠯᠵᠤ ᠪᠠᠶᠢᠭᠠᠳ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢ ᠴᠠᠭ ᠲᠤᠬᠠᠶ ᠳᠤ ᠨᠢ ᠢᠯᠭᠠᠷᠠᠭᠤᠯᠬᠤ ᠶᠢᠨ ᠬᠠᠮᠲᠤ᠂ ᠬᠤᠶᠠᠷ ᠵᠢᠯ ᠠᠯᠤᠰᠯᠠᠬᠤ ᠪᠦᠷᠢ ᠨᠢᠭᠡ ᠤᠳᠠᠭ᠎ᠠ ᠲᠥᠪᠯᠡᠷᠡᠭᠦᠯᠦᠨ ᠢᠯᠭᠠᠷᠠᠭᠤᠯᠤᠨ᠎ᠠ︾ ᠭᠡᠰᠡᠨ ᠲᠣᠭᠲᠠᠭᠠᠯ ᠢ ᠦᠨᠳᠦᠰᠦᠯᠡᠪᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠷ ᠵᠥᠪᠰᠢᠶᠡᠷᠡᠭᠦᠯᠦᠭᠡᠳ᠂ ᠲᠢᠩᠬᠢᠮ ᠤᠨ ᠲᠣᠰ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ ᠳᠤ ᠲᠣᠬᠢᠷᠠᠭᠤᠯᠤᠯᠲᠠ ᠬᠢᠵᠦ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ᠂ ᠳᠣᠤᠷᠠᠬᠢ ᠱᠠᠭᠠᠷᠳᠠᠯᠭ᠎ᠠ ᠶᠢ ᠳᠤᠷᠠᠳᠴᠤ᠂ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠭᠠᠷᠠᠢ᠃      ᠨᠢᠭᠡ᠂ ᠵᠠᠰᠠᠭ ᠵᠠᠬᠢᠷᠭᠠᠨ ᠤ ᠡᠷᠬᠡ ᠶᠢᠨ ᠶᠠᠪᠤᠳᠠᠯ ᠢ ᠵᠣᠯᠭᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ      ᠲᠣᠰ ᠤᠳᠠᠭᠠᠨ ᠤ ᠲᠢᠩᠬᠢᠮ ᠤᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ ᠳᠤ ᠲᠣᠬᠢᠷᠠᠭᠤᠯᠤᠯᠲᠠ ᠬᠢᠬᠦ ᠳᠤ 35 ᠵᠦᠢᠯ ᠢ ᠰᠢᠨ᠎ᠡ ᠪᠠᠷ ᠨᠡᠮᠡᠵᠦ᠂ 26 ᠵᠦᠢᠯ ᠢ ᠨᠡᠶᠢᠯᠡᠭᠦᠯᠵᠦ᠂ 3 ᠵᠦᠢᠯ ᠢ ᠬᠦᠴᠦᠨ ᠥᠬᠡᠶ ᠪᠣᠯᠭᠠᠪᠠ ︵ᠡᠭᠦᠨ ᠳᠤ ︽ᠵᠠᠰᠠᠮᠠᠯ ᠵᠠᠮ ᠤᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠤᠯᠠᠭᠠᠨ ᠲᠠᠰ ᠤᠨ ᠬᠢᠨᠠᠨ ᠬᠠᠮᠢᠶᠠᠷᠬᠤ ᠬᠢᠷᠢ ᠬᠡᠮ᠂ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠬᠢᠨᠠᠨ ᠬᠠᠮᠢᠶᠠᠷᠬᠤ ᠬᠢᠷᠢ ᠬᠡᠮ᠂ ᠤᠰᠤᠨ ᠲᠡᠭᠡᠭᠡᠪᠦᠷᠢ ᠶᠢᠨ ᠮᠠᠰᠢᠨ ᠴᠠᠬᠢᠯᠭᠠᠨ ᠤ ᠢᠨᠵᠧᠨᠧᠷᠢᠩ ᠤᠨ ᠲᠤᠰᠬᠠᠶ ᠵᠦᠢᠯ ᠤᠨ ᠬᠢᠨᠠᠨ ᠬᠠᠮᠢᠶᠠᠷᠬᠤ ᠬᠢᠷᠢ ᠬᠡᠮ ᠢ ᠮᠠᠭᠠᠳᠯᠠᠨ ᠲᠣᠭᠲᠠᠭᠠᠬᠤ︾ ᠳᠤ ᠵᠥᠪᠬᠡᠨ ︽ᠵᠠᠰᠠᠮᠠᠯ ᠵᠠᠮ᠂ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠤᠯᠠᠭᠠᠨ ᠲᠠᠰ ᠤᠨ ᠬᠢᠨᠠᠨ ᠬᠠᠮᠢᠶᠠᠷᠬᠤ ᠬᠢᠷᠢ ᠬᠡᠮ︾ ᠢ ᠬᠦᠴᠦᠨ ᠥᠬᠡᠶ ᠪᠣᠯᠭᠠᠪᠠ︶᠂ 1 ᠵᠦᠢᠯ ᠢ ᠳᠣᠷᠣᠭᠰᠢ ᠪᠠᠭᠤᠯᠭᠠᠵᠤ᠂ 6 ᠵᠦᠢᠯ ᠶᠢᠨ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠤᠭᠰᠢ ᠰᠢᠯᠵᠢᠭᠦᠯᠪᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠨᠡᠶᠢᠲᠡ 118 ᠵᠦᠢᠯ ᠢ ᠦᠯᠡᠳᠡᠭᠡᠪᠡ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ 14 ᠵᠦᠢᠯ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ 71 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ 4 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 11 ᠵᠦᠢᠯ᠂ ᠵᠠᠰᠠᠭ ᠵᠠᠬᠢᠷᠭᠠᠨ ᠤ ᠲᠠᠲᠠᠪᠤᠷᠢᠯᠠᠯᠲᠠ 1 ᠵᠦᠢᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ 8 ᠵᠦᠢᠯ᠂ ᠵᠠᠰᠠᠭ ᠵᠠᠬᠢᠷᠭᠠᠨ ᠤ ᠳᠡᠩᠰᠡᠯᠡᠯᠲᠡ 5 ᠵᠦᠢᠯ᠂ ᠪᠤᠰᠤᠳ ᠵᠠᠰᠠᠭ ᠵᠠᠬᠢᠷᠭᠠᠨ ᠤ ᠡᠷᠬᠡ 4 ᠵᠦᠢᠯ ᠪᠣᠶ᠃      ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠳ ᠲᠣᠰ ᠤᠳᠠᠭᠠᠨ ᠤ ᠲᠣᠬᠢᠷᠠᠭᠤᠯᠤᠯᠲᠠ ᠬᠢᠭᠰᠡᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠠᠶᠢᠳᠠᠪᠤᠷᠢᠵᠢᠭᠤᠯᠬᠤ ᠪᠠ ᠵᠣᠯᠭᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠦᠴᠦᠨ ᠥᠬᠡᠶ ᠪᠣᠯᠭᠠᠭᠰᠠᠨ ᠵᠦᠢᠯᠡᠰ ᠢ ᠳᠠᠭᠢᠵᠤ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ᠃ ᠳᠣᠷᠣᠭᠰᠢ ᠪᠠᠭᠤᠯᠭᠠᠬᠤ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠵᠦᠢᠯᠡᠰ ᠲᠤ᠂ ᠵᠠᠯᠭᠠᠨ ᠵᠣᠯᠭᠠᠭᠤᠯᠬᠤ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠵᠣᠯᠭᠠᠭᠤᠯᠵᠤ᠂ ᠵᠠᠯᠭᠠᠨ ᠵᠣᠯᠭᠠᠭᠤᠯᠬᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠤᠪᠤᠷᠠᠯ ᠢ ᠣᠶᠢᠯᠠᠭᠠᠬᠤ ᠪᠠ ᠰᠢᠯᠢᠳᠡᠭᠵᠢᠭᠦᠯᠬᠦ ᠶᠢ ᠵᠢᠯᠣᠭᠤᠳᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠭᠦᠢᠴᠡᠳᠭᠡᠬᠦ ᠶᠢ ᠶᠡᠭᠡ ᠪᠠᠷ ᠠᠬᠢᠭᠤᠯᠵᠤ᠂ ᠵᠠᠯᠭᠠᠨ ᠵᠣᠯᠭᠠᠭᠤᠯᠬᠤ ᠰᠠᠯᠠᠭ᠎ᠠ ᠮᠥᠴᠢᠷ ᠤᠨ ᠵᠠᠯᠭᠠᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠯᠡᠳᠡᠭᠡᠭᠰᠡᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠶᠢᠨ ᠵᠦᠢᠯᠡᠰ ᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠢᠶᠠᠷ ᠲᠦᠷᠦᠭᠦᠯᠡᠭᠦᠯᠦᠨ᠂ ᠲᠢᠩᠬᠢᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠠᠴᠠ ᠪᠣᠳᠠᠲᠠᠶ ᠬᠡᠷᠡᠭᠵᠢᠭᠦᠯᠦᠨ᠎ᠡ︔ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠳᠡᠩᠰᠡᠯᠡᠯᠲᠡ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠪᠤᠰᠤᠳ ᠵᠠᠰᠠᠭ ᠵᠠᠬᠢᠷᠭᠠᠨ ᠤ ᠡᠷᠬᠡ ᠶᠢ ᠲᠢᠩᠬᠢᠮ ᠤᠨ ᠪᠠᠶᠢᠭᠤᠯᠭ᠎ᠠ ᠶᠢᠨ ᠭᠠᠵᠠᠷ ᠲᠠᠰᠤᠭ ᠠᠴᠠ ᠲᠣᠰ ᠲᠣᠰ ᠤᠨ ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠪᠣᠳᠠᠲᠠᠶ ᠬᠠᠷᠢᠭᠤᠴᠠᠵᠤ᠂ ᠪᠤᠰᠤᠳ ᠲᠢᠩᠬᠢᠮ ᠤᠨ ᠰᠢᠭᠤᠳ ᠬᠠᠷᠢᠶ᠎ᠠ ᠨᠢᠭᠡᠴᠢ ᠨᠦᠭᠦᠳ ᠬᠠᠮᠵᠢᠯᠴᠠᠬᠤ ᠬᠡᠷᠡᠭᠲᠡᠢ᠃ ᠬᠦᠴᠦᠨ ᠥᠬᠡᠶ ᠪᠣᠯᠭᠠᠬᠤ᠂ ᠳᠣᠷᠣᠭᠰᠢ ᠪᠠᠭᠤᠯᠭᠠᠬᠤ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠰᠢᠨ᠎ᠡ ᠪᠠᠷ ᠨᠡᠮᠡᠭᠳᠡᠭᠦᠯᠬᠦ᠂ ᠬᠤᠪᠢᠷᠠᠭᠤᠯᠬᠤ ᠵᠦᠢᠯᠡᠰ ᠲᠤ᠂ ᠬᠤᠯᠪᠣᠭᠳᠠᠯ ᠪᠥᠬᠦᠶ ᠭᠠᠵᠠᠷ ᠲᠠᠰᠤᠭ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠣᠬᠢᠴᠠᠩᠭᠤᠶ ᠵᠦᠢᠯᠡᠰ ᠤᠨ ᠦᠨᠳᠦᠰᠦᠨ ᠬᠦᠴᠦᠨ ᠵᠦᠢᠯ᠂ ᠠᠵᠢᠯᠯᠠᠭᠠᠨ ᠤ ᠴᠤᠪᠤᠷᠠᠯ ᠵᠡᠷᠭᠡ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠵᠦ᠂ ᠡᠷᠬᠡ ᠶᠢᠨ ᠠᠵᠢᠯᠯᠠᠭᠠᠨ ᠤ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ᠂  ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ      ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠳ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠣᠰ ᠨᠢᠭᠡᠴᠢ᠂ ᠲᠣᠰ ᠰᠠᠯᠠᠭ᠎ᠠ ᠮᠥᠴᠢᠷ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠪᠠᠷᠢᠮᠵᠢᠶ᠎ᠠ ᠶᠢ ᠨᠠᠷᠢᠯᠢᠬᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠡᠲᠡᠭᠡᠳ ᠪᠠ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠬᠠᠮᠢᠶᠠᠷᠤᠯᠲᠠ ᠶᠢᠨ ᠴᠡᠪᠡᠷ ᠬᠤᠭᠤᠰᠣᠨ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠨᠢᠭᠡ ᠳᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠶ᠃ ᠡᠷᠬᠡ ᠶᠢᠨ ᠵᠦᠢᠯᠡᠰ ᠢ ᠬᠤᠪᠢᠷᠠᠭᠤᠯᠤᠭᠰᠠᠨ ᠪᠠᠶᠢᠪᠠᠯ᠂ ᠴᠠᠭ ᠲᠤᠬᠠᠶ ᠳᠤ ᠨᠢ ᠬᠤᠪᠢᠷᠠᠭᠤᠯᠤᠭᠰᠠᠨ ᠪᠠᠶᠢᠳᠠᠯ ᠢ ᠦᠨᠳᠦᠰᠦᠯᠡᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ ᠵᠦᠢᠯᠡᠰ ᠤᠨ ᠬᠦᠴᠦᠨ ᠵᠦᠢᠯ ᠳᠤ ᠲᠣᠬᠢᠷᠠᠭᠤᠯᠤᠯᠲᠠ ᠬᠢᠬᠦ ᠬᠡᠷᠡᠭᠲᠡᠶ᠃ ᠬᠤᠶᠠᠷ ᠲᠤ᠂ ︽ᠬᠤᠶᠠᠷ ᠢ ᠲᠠᠰᠢᠷᠡᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ︽ᠬᠤᠶᠠᠷ ᠢ ᠲᠠᠰᠢᠷᠡᠮ ᠳᠠᠭᠠᠤ ᠬᠢᠬᠦ︾ ᠤᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨ ᠤ ᠰᠤᠳᠤᠯᠤᠯ ᠢᠶᠠᠷ ᠲᠣᠭᠲᠠᠭᠠᠵᠤ᠂ ᠲᠤᠰᠬᠠᠶ ᠮᠡᠷᠭᠡᠵᠢᠯᠲᠡᠨ᠂ ᠲᠤᠰᠬᠠᠶ ᠮᠡᠷᠭᠡᠵᠢᠯ ᠤᠨ ᠠᠵᠢᠯᠲᠠᠨ ᠢ ᠣᠷᠣᠭᠤᠯᠤᠨ ᠪᠠᠶᠢᠴᠠᠭᠠᠯᠲᠠ ᠳᠤ ᠣᠷᠣᠯᠴᠠᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠰᠠᠯᠠᠭ᠎ᠠ ᠮᠦᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ︽ᠬᠠᠮᠲᠤᠷᠠᠨ ᠪᠠᠶᠢᠴᠠᠭᠠᠬᠤ᠂ ᠨᠢᠭᠡ ᠤᠳᠠᠭ᠎ᠠ ᠳᠤ ᠪᠣᠳᠠᠲᠠᠶᠢᠵᠢᠭᠤᠯᠬᠤ︾ ︽ᠨᠢᠭᠡ ᠤᠳᠠᠭ᠎ᠠ ᠡᠭᠦᠳᠡ ᠪᠠᠷ ᠣᠷᠣᠵᠤ᠂ ᠣᠯᠠᠨ ᠵᠦᠢᠯ ᠤᠨ ᠬᠡᠷᠡᠭ ᠢ ᠪᠠᠶᠢᠴᠠᠭᠠᠬᠤ︾ ᠶᠢ ᠪᠡᠶᠡᠯᠡᠭᠦᠯᠵᠦ᠂ ᠪᠠᠶᠢᠴᠠᠭᠠᠯᠲᠠ ᠪᠠᠷ ᠠᠷᠠᠳ ᠢ ᠦᠢᠮᠡᠭᠦᠯᠬᠦ ᠶᠢ ᠪᠠᠭᠠᠰᠬᠠᠨ᠂ ᠠᠵᠤ ᠠᠬᠤᠶᠢᠯᠠᠯ ᠤᠨ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠢ ᠬᠠᠮᠲᠤ ᠪᠠᠷ ᠬᠡᠷᠡᠭᠯᠡᠵᠦ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠵᠡᠷᠭᠡ ᠳᠤ ᠰᠢᠭᠤᠳ ᠬᠤᠯᠪᠣᠭᠳᠠᠬᠤ ᠬᠦᠷᠢᠶᠡᠨ ᠳᠤ᠂ ᠬᠠᠤᠯᠢ ᠲᠣᠭᠲᠠᠭᠠᠯ ᠶᠣᠰᠣᠭᠠᠷ ᠪᠦᠬᠦᠨ ᠢ ᠬᠠᠮᠤᠷᠤᠭᠰᠠᠨ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠦᠷᠪᠡ ᠳᠤ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢᠨ ᠴᠢᠳᠠᠪᠬᠢ ᠶᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠢᠲᠡᠭᠡᠮᠵᠢ ᠶᠢᠨ ᠲᠦᠷᠢᠮ ᠤᠨ ᠠᠷᠭ᠎ᠠ ᠳᠤ ᠵᠠᠰᠠᠪᠤᠷᠢ ᠣᠷᠣᠭᠤᠯᠬᠤ ᠶᠢ ᠲᠦᠯᠬᠢᠨ ᠠᠬᠢᠭᠤᠯᠵᠤ᠂ ᠠᠵᠢᠯ ᠲᠦᠷᠦᠯ ᠤᠨ ᠢᠲᠡᠭᠡᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠂ ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠱᠠᠳᠤ ᠬᠤᠪᠢᠶᠠᠨ ᠲᠦᠷᠦᠯ ᠬᠤᠪᠢᠶᠠᠨ ᠬᠢᠨᠠᠨ ᠬᠠᠮᠢᠶᠠᠷᠬᠤ ᠶᠢ ᠬᠠᠤᠯᠢ ᠶᠣᠰᠣᠭᠠᠷ ᠥᠷᠨᠢᠭᠦᠯᠦᠨ᠎ᠡ᠃        ᠭᠤᠷᠪᠠ᠂ ᠡᠷᠬᠡ ᠶᠢᠨ ᠨᠠᠷᠢᠨ ᠬᠠᠭᠤᠳᠠᠰᠤ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ      ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠬᠥᠳᠡᠯᠦᠩᠭᠦᠶ ᠬᠠᠮᠢᠶᠠᠷᠤᠯᠲᠠ ᠶᠢ ᠢᠳᠡᠪᠬᠢᠲᠡᠶ ᠰᠠᠶᠢᠲᠤᠷ ᠬᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠢ ᠨᠡᠶᠢᠲᠡᠯᠡᠬᠦ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠬᠤᠪᠢᠷᠠᠭᠤᠯᠬᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠱᠠᠭᠠᠷᠳᠠᠯᠭ᠎ᠠ ᠵᠡᠷᠭᠡ ᠶᠢ ᠦᠨᠳᠦᠰᠦᠯᠡᠨ᠂ ᠳᠣᠭᠢᠷᠠᠭᠤᠯᠬᠤ ᠴᠢᠬᠤᠯᠠᠲᠠᠶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠴᠠᠭ ᠲᠤᠬᠠᠶ ᠳᠤ ᠨᠢ ᠬᠠᠤᠯᠢ ᠲᠣᠭᠲᠠᠭᠠᠯ ᠤᠨ ᠭᠠᠵᠠᠷ ᠲᠤ ᠮᠡᠳᠡᠭᠦᠯᠬᠦ ᠬᠡᠷᠡᠭᠲᠡᠶ᠃          ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ᠂ pdf                      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠵᠠᠬᠢᠷᠭᠠᠨ ᠤ ᠡᠷᠬᠡ ᠶᠢᠨ ᠬᠦᠴᠦᠨ ᠥᠬᠡᠶ ᠪᠣᠯᠭᠠᠬᠤ᠂ ᠳᠣᠷᠣᠭᠰᠢ ᠪᠠᠭᠤᠯᠭᠠᠬᠤ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠵᠦᠢᠯᠡᠰ ᠤᠨ ᠨᠠᠷᠢᠨ ᠲᠠᠩᠰᠠ᠂ pdf                      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ ︵ᠰᠠᠯᠠᠭ᠎ᠠ ᠮᠥᠴᠢᠷ ᠤᠨ ᠬᠡᠪᠯᠡᠯ︶᠂ xlsx                         ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                  2021 ᠣᠨ ᠤ 12 ᠳ᠋ᠤᠭᠠᠷ ᠰᠠᠷ᠎ᠠ ᠶᠢᠨ 16 ᠤ ᠡᠳᠦᠷ      ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠲᠠᠶᠢᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠢᠩᠬᠢᠮ ᠤᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠲᠣᠬᠢᠷᠠᠭᠤᠯᠤᠯᠲᠠ ᠬᠢᠬᠦ ᠵᠦᠢᠯᠡᠰ ᠤᠨ ᠨᠠᠷᠢᠨ ᠳᠠᠩᠰᠠ ᠶᠢᠨ ᠲᠦᠷᠦ ᠶᠢᠨ ᠪᠣᠳᠤᠯᠭ᠎ᠠ ᠶᠢᠨ ᠲᠠᠶᠢᠯᠤᠮᠵᠢ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号