ᠪᠦᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠤᠷᠠᠯ ᠥᠨᠥᠳᠦᠷ ᠬᠤᠷᠠᠯᠳᠤᠪᠠ
ᠨᠡᠶᠢᠲᠡᠯᠡᠭᠰᠡᠨ ᠴᠠᠭ᠄
2021/12/23
     12 ᠳ᠋ᠤᠭᠠᠷ ᠰᠠᠷ᠎ᠠ ᠶᠢᠨ 23 ᠤ ᠡᠳᠦᠷ᠂ 2022 ᠣᠨ ᠤ ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠨᠡᠭᠡᠭᠡᠬᠦ ᠬᠤᠰᠢᠭᠤᠴᠢ ᠪᠣᠯᠬᠤ ᠲᠡᠦᠬᠡᠲᠦ ᠡᠭᠦᠷᠭᠡ ᠶᠢ ᠭᠦᠨᠵᠡᠭᠡᠢ ᠡᠵᠡᠮᠳᠡᠵᠦ᠂ 2021 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠳ᠋ᠦᠩᠨᠡᠵᠦ᠂ ᠪᠠᠶᠢᠳᠠᠯ ᠢ ᠵᠠᠳᠠᠯᠵᠤ᠂ 2022 ᠣᠨ ᠤ ᠠᠵᠢᠯ ᠢ ᠪᠠᠶᠢᠷᠢᠯᠠᠭᠤᠯᠵᠠᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ ᠯᠢ ᠰᠢᠶᠤᠤ ᠫᠧᠩ ᠠᠵᠢᠯ ᠤᠨ ᠪᠠᠶᠢᠷᠢᠯᠠᠭᠤᠯᠤᠯᠲᠠ ᠬᠢᠪᠠ᠃      2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠪᠴᠢᠯᠡᠨ ᠪᠦᠳᠦᠭᠡᠨ ᠪᠠᠶᠢᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠦᠢᠯ ᠤᠨ ᠴᠢᠬᠤᠯᠠ ᠨᠢᠭᠡ ᠵᠢᠯ ᠮᠥᠨ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠨᠡᠩ ᠴᠤᠭ ᠪᠠᠳᠠᠷᠠᠩᠭᠤᠢ ᠲᠦᠷᠢ ᠲᠥᠷᠬᠦ ᠪᠠᠷ ᠰᠢᠨ᠎ᠡ ᠴᠠᠭ ᠦᠶ᠎ᠡ ᠶᠢᠨ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠵᠤ᠂ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠨᠡᠭᠡᠭᠡᠬᠦ ᠬᠤᠰᠢᠭᠤᠴᠢ ᠪᠣᠯᠬᠤ ᠪᠠᠷ ᠴᠢᠷᠮᠠᠶᠢᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠵᠢᠶᠠᠩᠰᠦ ᠮᠤᠵᠢ ᠶᠢᠨ ᠬᠢᠨ ᠰᠠᠭᠤᠷᠢ ᠲᠥᠬᠦᠭᠡᠷᠦᠮᠵᠢ ᠶᠢᠨ ᠵᠠᠩᠭᠢᠯᠠᠭ᠎ᠠ ᠶᠢ ᠬᠦᠴᠦᠷᠬᠡᠭᠵᠢᠭᠦᠯᠬᠦ᠂ ᠨᠡᠪᠲᠡᠷᠡᠬᠦ ᠵᠠᠮ ᠢ ᠬᠦᠴᠦᠷᠬᠡᠭᠵᠢᠭᠦᠯᠬᠦ᠂ ᠰᠦᠯᠵᠢᠶ᠎ᠡ ᠶᠢ ᠬᠦᠴᠦᠷᠬᠡᠭᠵᠢᠭᠦᠯᠬᠦ ᠳᠠᠰᠢ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠣᠳᠣᠬᠢᠴᠢᠯᠠᠯᠲᠠ ᠶᠢ ᠪᠡᠶᠡᠯᠡᠭᠦᠯᠦᠨ᠎ᠡ᠃ ︽ᠪᠢᠳᠡ ᠵᠠᠮ ᠬᠠᠷᠢᠯᠴᠠᠭ᠎ᠠ ᠲᠡᠭᠡᠭᠡᠪᠦᠷᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠥᠨᠳᠥᠷ ᠦᠷ᠎ᠡ ᠪᠦᠲᠦᠮᠵᠢ ᠲᠠᠢ᠂ ᠥᠪᠡᠷ ᠤᠨ ᠥᠷᠲᠡᠭ ᠢᠶᠠᠷ ᠳᠣᠤᠷ᠎ᠠ ᠪᠠᠶᠢᠬᠤ ᠶᠢ ᠠᠬᠢᠭᠤᠯᠤᠨ᠂ ᠬᠠᠮᠲᠤᠷᠠᠭᠰᠠᠨ ᠲᠡᠭᠡᠭᠡᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠢᠯᠡᠴᠢᠯᠡᠭᠡᠨ ᠤ ᠣᠳᠣᠬᠢᠴᠢᠯᠠᠯᠲᠠ ᠶᠢ ᠬᠦᠴᠦᠯᠡᠨ ᠪᠡᠶᠡᠯᠡᠭᠦᠯᠵᠦ᠂ ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠤᠷᠢᠳᠠᠪᠠᠷ ᠵᠠᠮ ᠬᠠᠶᠢᠵᠤ᠂ ︿ᠬᠦᠴᠦᠷᠬᠡᠭ ᠪᠠᠶᠠᠨ ᠦᠵᠡᠰᠬᠦᠯᠡᠩᠲᠦ ᠥᠨᠳᠥᠷ﹀ ᠰᠢᠨ᠎ᠡ ᠵᠢᠶᠠᠩᠰᠦ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠤᠯᠭᠠᠭᠤᠷᠢᠯᠠᠯ ᠪᠠᠲᠤᠯᠠᠭ᠎ᠠ ᠬᠠᠩᠭᠠᠨ᠎ᠠ᠃︾ ᠵᠢᠶᠠᠩᠰᠦ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ᠂ ᠮᠤᠵᠢ ᠶᠢᠨ ᠲᠡᠮᠦᠷ ᠵᠠᠮ ᠤᠨ ᠠᠯᠪᠠᠨ ᠬᠡᠷ ᠤᠨ ᠡᠷᠬᠢᠯᠡᠭᠴᠢ ᠯᠦ ᠶᠦᠩ ᠴᠢᠤᠸᠠᠨ ᠢᠯᠡᠷᠬᠡᠶᠢᠯᠡᠬᠦ ᠳᠤ ᠪᠠᠨ᠂ 2025 ᠣᠨ ᠳᠤ ᠵᠢᠶᠠᠩᠰᠦ ᠶᠢᠨ ᠡᠮᠦᠨᠡᠲᠦ ᠬᠡᠰᠡᠭ ᠤᠨ ᠭᠠᠵᠠᠷ ᠣᠷᠣᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠣᠳᠣᠬᠢᠴᠢᠯᠠᠯᠲᠠ ᠶᠢ ᠤᠷᠢᠳᠠᠪᠠᠷ ᠦᠨᠳᠦᠰᠦᠨ ᠳᠤ ᠪᠠᠨ ᠪᠡᠶᠡᠯᠡᠭᠦᠯᠦᠨ᠎ᠡ ᠭᠡᠵᠡᠶ᠃      ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠶᠢ ᠰᠠᠭᠠᠳ ᠦᠭᠡᠢ ᠨᠡᠪᠲᠡᠷᠡᠭᠦᠯᠵᠦ᠂ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠲᠦᠷᠭᠡᠳᠬᠡᠨ ᠪᠠᠶᠢᠭᠤᠯᠬᠤ ᠪᠣᠯ ᠴᠢᠬᠤᠯᠠ ᠬᠦᠴᠦᠯᠡᠬᠦ ᠴᠡᠭ ᠪᠣᠯᠤᠨ᠎ᠠ᠃ ᠱᠠᠨᠳᠦ᠋ᠩ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠮᠧᠩ ᠴᠢᠩ ᠪᠢᠨ ᠢᠯᠡᠷᠬᠡᠶᠢᠯᠡᠬᠦ ᠳᠤ ᠪᠠᠨ᠂ 2022 ᠣᠨ ᠳᠤ ᠱᠠᠨᠳᠦ᠋ᠩ ᠶᠡᠭᠡ ᠵᠠᠮ᠂ ᠶᠡᠭᠡ ᠰᠦᠯᠵᠢᠶ᠎ᠡ᠂ ᠶᠡᠭᠡ ᠬᠦᠢᠰᠦ ︽ᠭᠤᠷᠪᠠᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ ︽ᠲᠡᠮᠦᠷ ᠵᠠᠮ ᠳᠡᠭᠡᠷᠡᠬᠢ ᠱᠠᠨᠳᠦ᠋ᠩ︾᠂ ᠳᠡᠯᠡᠬᠡᠶ ᠶᠢᠨ ᠲᠡᠷᠢᠭᠦᠨ ᠲᠠᠰ ᠤᠨ ᠲᠡᠯᠡᠶ ᠤᠨ ᠭᠠᠷᠠᠮ᠂ ︽ᠮᠥᠷᠡᠨ ᠲᠠᠩᠭᠢᠰ ᠲᠤ ᠨᠡᠪᠲᠡᠷᠡᠬᠦ︾ ᠳᠣᠲᠣᠭᠠᠳᠤ ᠭᠤᠤᠯ ᠮᠥᠷᠡᠨ ᠤ ᠤᠰᠤᠨ ᠲᠡᠭᠡᠭᠡᠪᠦᠷᠢ ᠶᠢᠨ ᠲᠣᠤᠷ ᠪᠠ ᠣᠳᠣᠬᠢᠴᠢᠯᠠᠭᠰᠠᠨ ᠨᠢᠰᠬᠡᠯ ᠤᠨ ᠪᠠᠭᠤᠳᠠᠯ ᠤᠨ ᠪᠥᠭᠡᠮᠨᠡᠷᠡᠯ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ ᠭᠡᠵᠡᠶ᠃      ︽ᠪᠢᠳᠠ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠣᠷᠣᠨ ᠢ ᠬᠤᠯᠪᠣᠭᠰᠠᠨ ᠭᠤᠣᠯ ᠨᠡᠪᠲᠡᠷᠡᠬᠦ ᠵᠠᠮ ᠢ ᠲᠦᠷᠭᠡᠨ ᠨᠡᠪᠲᠡᠷᠡᠭᠦᠯᠵᠦ᠂ ᠣᠷᠣᠨ ᠪᠦᠰᠡ ᠶᠢᠨ ᠲᠥᠪ ᠬᠤᠳᠠ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠦᠨ᠎ᠡ︾᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ ᠬᠡᠯᠡᠬᠦ ᠳᠤ ᠪᠠᠨ᠂ 2022 ᠣᠨ ᠳᠤ᠂ ᠥᠪᠥᠷ ᠮᠣᠩᠭᠤᠯ ᠠᠮᠢ ᠠᠬᠤᠢ ᠶᠢ ᠲᠡᠷᠢᠭᠦᠨ ᠳᠤ ᠲᠠᠯᠪᠢᠬᠤ᠂ ᠵᠣᠬᠢᠰᠲᠠᠢ ᠪᠠᠷ ᠤᠷᠢᠳᠴᠢᠯᠠᠬᠤ ᠵᠠᠷᠴᠢᠮ ᠶᠣᠰᠣᠭᠠᠷ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠲᠦᠷᠭᠡᠳᠬᠡᠨ ᠠᠬᠢᠭᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠠᠩᠭᠠᠯᠭ᠎ᠠ ᠶᠢ ᠰᠢᠯᠢᠳᠡᠭᠵᠢᠭᠦᠯᠬᠦ‍ ᠨᠢᠭᠡ ᠪᠦᠯᠦᠭ ᠲᠦᠷᠦᠯ ᠵᠦᠢᠯ ᠢ ᠬᠡᠷᠡᠭᠵᠢᠭᠦᠯᠵᠦ᠂ ᠬᠤᠯᠪᠣᠭᠠᠯᠠᠨ ᠨᠡᠪᠲᠡᠷᠡᠯᠴᠡᠬᠦ ᠪᠣᠭᠤᠮᠲᠠ ᠶᠢᠨ ᠳᠡᠭᠡᠳᠦ ᠮᠡᠷᠭᠡᠵᠢᠯ ᠤᠨ ᠳᠡᠰ ᠤᠨ ᠶᠡᠭᠡ ᠨᠡᠪᠲᠡᠷᠡᠯᠭᠡ ᠶᠢᠨ ᠴᠢᠳᠠᠪᠤᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠭᠤᠮᠲᠠ ᠪᠣᠯᠤᠨ ᠥᠷᠥᠴᠡ ᠭᠠᠵᠠᠷ ᠤᠨ ᠬᠤᠯᠪᠣᠭᠠᠯᠠᠨ ᠬᠥᠭᠵᠢᠬᠦ ᠶᠢ ᠲᠤᠯᠭᠠᠭᠤᠷᠢᠯᠠᠨ᠎ᠠ ᠭᠡᠵᠡᠢ᠃      ᠴᠢᠨᠠᠷ ᠰᠠᠶᠢᠲᠠᠢ ᠬᠥᠭᠵᠢᠯᠲᠡ ᠪᠣᠯ ᠠᠵᠢᠯ ᠲᠦᠷᠦᠯ ᠤᠨ ᠥᠨᠳᠥᠷ ᠲᠠᠪᠳᠠᠮᠵᠢᠳᠤ ᠦᠭᠡᠰ ᠨᠡᠩ ᠴᠤ ᠵᠠᠩᠭᠢᠯᠠᠭ᠎ᠠ ᠶᠢᠨ ᠦᠭᠡ ᠪᠣᠯᠤᠨ᠎ᠠ᠃ ᠾᠧᠪᠸᠢ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠡᡁᠸᠥ ᡁᠢ ᠮᠢᠨ ᠢᠯᠡᠷᠬᠡᠶᠢᠯᠡᠬᠦ ᠳᠤ ᠪᠠᠨ᠂ 2022 ᠣᠨ ᠳᠤ᠂ ᠡᡁᠧᠪᠸᠢ ᠶᠢᠨ ᠬᠢᠨ ᠬᠤᠯᠪᠣᠯᠳᠤᠨ ᠨᠡᠪᠲᠡᠷᠡᠯᠴᠡᠬᠦ ᠶᠢ ᠭᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠢ ᠡᠭᠦᠳᠦᠨ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ᠂ ᠠᠵᠢᠯ ᠲᠦᠷᠦᠯ ᠢ ᠬᠠᠮᠢᠶᠠᠷᠴᠤ᠂ ᠠᠵᠤ ᠦᠢᠯᠡᠰ ᠢ ᠪᠤᠶᠢᠵᠢᠭᠤᠯᠵᠤ᠂ ᠠᠵᠢᠯ ᠦᠢᠯᠡᠰ ᠢ ᠠᠬᠢᠭᠤᠯᠵᠤ᠂ ᠪᠦᠬᠦ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ ᠳᠤ ᠬᠦᠴᠦ ᠨᠡᠮᠡᠷᠢᠯᠡᠨ᠎ᠡ ᠭᠡᠵᠡᠢ᠃ ︵ᠰᠤᠷᠪᠤᠯᠵᠢᠯᠠᠭᠴᠢ  ᠯᠢᠶᠠᠩ ᠰᠢ ᠮᠢᠩ  ᠵᠤᠤ ᠫᠧᠩ ᠹᠸᠢ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号