ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠦᠯᠬᠢᠨ ᠠᠬᠢᠭᠤᠯᠵᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/12/24
      ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠮᠵᠢᠲᠡᠶ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠬᠠᠮᠢᠶᠠᠷᠤᠯᠲᠠ ᠶᠢᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃      ᠨᠢᠭᠡ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠦᠯᠬᠢᠨ ᠠᠬᠢᠭᠤᠯᠬᠤ ᠬᠡᠷᠡᠭᠲᠡᠢ      ᠨᠢᠭᠡ ᠳᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ᠎ᠡ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ᠂ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ 2021 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠢᠭᠡᠨᠲᠡ 7518 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 4704 ᠺᠢᠯᠣᠮᠧᠲᠷ ᠢ ᠠᠵᠢᠯ ᠳᠠᠭᠤᠰᠬᠠᠪᠠ᠃ ᠡᠭᠦᠨ ᠤ ᠬᠠᠮᠲᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢᠨ ᠪᠡᠯᠡ ᠮᠥᠩᠭᠦ ᠶᠢ 23.5 ᠳ᠋ᠦᠩᠰᠢᠭᠤᠷ ᠲᠥᠭᠦᠷᠢᠭ ᠴᠢᠷᠮᠠᠶᠢᠨ ᠣᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠂ ᠣᠳᠣᠬᠠᠨ ᠪᠣᠯᠲᠠᠯ᠎ᠠ ᠪᠦᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠳᠤ 63.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠬᠤᠶᠠᠷ ᠲᠤ᠂ ᠨᠡᠯᠢᠶᠡᠳ ᠶᠡᠭᠡ ᠬᠦᠮᠦᠨ ᠠᠮᠠ ᠶᠢᠨ ᠬᠡᠪᠴᠢᠶ᠎ᠡ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠠᠬᠢᠭᠤᠯᠤᠨ᠎ᠠ᠃ ᠨᠥᠬᠦᠴᠡᠯ ᠪᠦᠷᠢᠳᠦᠭᠦᠯᠦᠭᠰᠡᠨ ᠰᠢᠶᠠᠩ ᠪᠠᠯᠭᠠᠰᠤ᠂ ᠪᠠᠶᠢᠭᠤᠯᠤᠯᠳᠠᠲᠤ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠡᠯᠢᠶᠡᠳ ᠶᠡᠭᠡ ᠬᠥᠮᠦᠨ ᠠᠮᠠ ᠶᠢᠨ ᠬᠡᠪᠴᠢᠶ᠎ᠡ ᠲᠠᠢ ᠠᠶᠢᠯ ᠲᠣᠰᠬᠤᠨ ︵ᠳᠤᠭᠤᠶᠢᠯᠠᠩ︶ ᠳᠤ ᠬᠠᠲᠠᠭᠤᠷᠠᠭᠤᠯᠤᠭᠰᠠᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠮ ᠤᠨ ᠰᠠᠭᠠᠳ ᠦᠭᠡᠶ ᠨᠡᠪᠲᠡᠷᠡᠬᠦ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 2021 ᠣᠨ ᠳᠤ᠂ ᠡᠯ᠎ᠡ ᠭᠠᠵᠠᠷ ᠢ ᠵᠣᠬᠢᠶᠠᠨ ᠪᠠᠶᠢᠭᠤᠯᠵᠤ ᠠᠶᠢᠯ ᠲᠣᠰᠬᠤᠨ ᠤ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠬᠢᠭᠤᠯᠤᠨ ᠬᠡᠷᠡᠭᠵᠢᠭᠦᠯᠬᠦ ᠳᠤ ᠰᠠᠭᠤᠷᠢ ᠶᠢ ᠰᠠᠶᠢᠲᠤᠷ ᠲᠠᠯᠪᠢᠪᠠ ᠃ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠯᠢᠶᠡᠳ ᠶᠡᠭᠡ ᠬᠦᠮᠦᠨ ᠠᠮᠠ ᠶᠢᠨ ᠬᠡᠪᠴᠢᠶ᠎ᠡ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ 1700 ᠺᠢᠯᠣᠮᠧᠲᠷ ᠨᠡᠪᠲᠡᠷᠡᠭᠦᠯᠵᠦ᠂ ᠨᠡᠯᠢᠶᠡᠳ ᠶᠡᠭᠡ ᠬᠦᠮᠦᠨ ᠠᠮᠠ ᠶᠢᠨ ᠬᠡᠪᠴᠢᠶ᠎ᠡ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠪᠠᠷᠤᠭ 250 ᠣᠷᠴᠢᠮ ᠰᠢᠨ᠎ᠡ ᠪᠠᠷ ᠨᠡᠮᠡᠭᠳᠡᠭᠦᠯᠬᠦ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃      ᠭᠤᠷᠪᠠ ᠳᠤ᠂ ᠵᠢᠭᠤᠯᠴᠢᠯᠠᠯ ᠤᠨ ᠵᠠᠮ᠂ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠭᠤᠤᠯ ᠪᠣᠯᠬᠤ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠭᠤᠤᠯ ᠪᠣᠯᠬᠤ ᠠᠵᠤ ᠦᠶᠯᠡᠰ ᠪᠠ ᠡᠬᠢ ᠪᠠᠶᠠᠯᠢᠭ ᠤᠨ ᠵᠠᠩᠭᠢᠶᠠᠰᠤ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠬᠤᠯᠪᠣᠭᠠᠯᠠᠬᠤ ᠶᠢ ᠠᠬᠢᠭᠤᠯᠤᠨ᠎ᠠ᠃ ᠵᠢᠭᠤᠯᠴᠢᠯᠠᠯ  ᠤᠨ ᠵᠠᠰᠠᠮᠠᠯ ᠵᠠᠮ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ 9.4 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠵᠤ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ 1320 ᠺᠢᠯᠣᠮᠧᠲᠷ ᠤᠨ ᠵᠢᠭᠤᠯᠴᠢᠯᠠᠯ ᠤᠨ ᠵᠠᠮ᠂ ᠡᠬᠢ ᠪᠠᠶᠠᠯᠢᠭ ᠤᠨ ᠵᠠᠮ᠂ ᠠᠵᠤ ᠦᠶᠯᠡᠰ ᠤᠨ ᠵᠠᠮ ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠵᠢᠷᠠᠭᠤᠯᠬᠤ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠪᠠᠶᠠᠨ ᠪᠦᠷᠢᠳᠦ—ᠬᠠᠷ᠎ᠠ ᠤᠰᠤ ᠦᠵᠡᠮᠵᠢ ᠶᠢᠨ ᠣᠷᠣᠨ ᠤ ᠬᠡᠰᠡᠭ ᠤᠨ ᠵᠠᠰᠠᠮᠠᠯ ᠵᠠᠮ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤ ᠠᠴᠠ ᠰᠠᠨ ᠳ᠋ᠤᠸᠠᠨ ᠳ᠋ᠢ ᠬᠦᠷᠬᠦ ᠬᠤᠪᠢᠰᠬᠠᠯᠲᠤ ᠵᠢᠭᠤᠯᠴᠢᠯᠠᠯ ᠤᠨ ᠵᠠᠰᠠᠮᠠᠯ ᠵᠠᠮ ᠵᠡᠷᠭᠡ ᠶᠢ ᠪᠠᠶᠢᠭᠤᠯᠪᠠ᠃      ᠬᠤᠶᠠᠷ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠢ      ᠨᠢᠭᠡ ᠳᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠠᠬᠢᠭᠤᠯᠤᠨ᠎ᠠ᠃ ᠮᠠᠨ ᠤ ᠣᠷᠣᠨ ᠤ ᠣᠷᠳᠣᠰ ᠬᠤᠲᠠ᠂ ᠪᠠᠶᠠᠨᠨᠠᠭᠤᠷ ᠬᠤᠲᠠ᠂ ᠦᠦᠰᠢᠨ ᠬᠤᠰᠢᠭᠤ᠂ ᠡᠵᠡᠨ ᠬᠤᠷᠤᠭ᠎ᠠ ᠬᠤᠰᠢᠭᠤ᠂ ᠯᠢᠨᠾᠧ ᠲᠣᠭᠤᠷᠢᠭ᠂ ᠳ᠋ᠧᠩᠺᠧᠤ ᠰᠢᠶᠠᠨ ᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠢᠶᠠᠷ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ  ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠤᠨ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ᠂ ᠵᠠᠮ ᠤᠨ ᠳᠠᠷᠤᠭ᠎ᠠ ᠶᠢᠨ ᠲᠦᠷᠢᠮ᠂ ᠠᠷᠠᠴᠢᠯᠠᠨ ᠬᠠᠮᠠᠭᠠᠯᠠᠬᠤ ᠦᠶᠯᠡᠳᠪᠦᠷᠢᠯᠡᠯ ᠤᠨ ᠵᠠᠭᠪᠤᠷ ᠤᠨ ᠰᠢᠨ᠎ᠡ ᠶᠢ ᠡᠭᠦᠳᠬᠦ 4 ᠲᠠᠯ᠎ᠠ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠲᠣᠭᠲᠠᠭᠠᠪᠠ᠃ ᠬᠥᠳᠡᠭᠡ ᠲᠣᠰᠬᠤᠨ ᠤ ᠵᠠᠰᠠᠮᠠᠯ ᠵᠠᠮ ᠳᠡᠭᠡᠷᠡᠬᠢ ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠬᠤ ᠪᠠ ᠠᠮᠤᠷ ᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ 158 ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠵᠤ ᠂ ᠲᠤᠰᠬᠤᠨ ᠤ ᠵᠠᠮ ᠤᠨ ᠠᠮᠤᠷ ᠲᠦᠪᠰᠢᠨ ᠠᠮᠢ ᠨᠠᠰᠤ ᠶᠢ ᠬᠠᠮᠠᠭᠠᠯᠠᠬᠤ ᠢᠨᠵᠧᠨᠧᠷᠢᠩ ᠢ 1062 ᠺᠢᠯᠣᠮᠧᠲᠷ ᠪᠡᠶᠡᠯᠡᠭᠦᠯᠪᠡ᠃      ᠬᠤᠶᠠᠷ ᠲᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠴᠠ ᠭᠠᠷᠳᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠤᠭᠰᠠᠨ ᠰᠢᠯᠭᠠᠨ ᠦᠨᠡᠯᠡᠯᠲᠡ  ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠬᠡᠷ ᠲᠠᠢ ᠬᠠᠮᠲᠤᠷᠠᠨ ︽2020 ᠣᠨ ᠤ ︿ᠳᠥᠷᠪᠡᠨ ᠰᠠᠶᠢᠨ ᠬᠥᠳᠡᠭᠡ ᠲᠣᠰᠬᠤᠨ  ᠤ ᠵᠠᠮ﹀ ᠤᠨ ᠵᠢᠱᠢᠶ᠎ᠡ ᠦᠵᠡᠭᠦᠯᠬᠦ ᠠᠶᠢᠮᠠᠭ ᠬᠤᠲᠠ ᠪᠠ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠮᠠᠭᠠᠳᠯᠠᠨ ᠲᠣᠭᠲᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠣᠷᠳᠣᠰ ᠪᠣᠯᠤᠨ ᠤᠯᠠᠭᠠᠨᠬᠠᠳᠠ ᠶᠢᠨ 2 ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡᠳᠦᠭᠡᠷ ᠪᠦᠯᠦᠭ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠠᠶᠢᠮᠠᠭ ᠬᠤᠲᠠ ᠪᠣᠯᠤᠨ ᠲᠣᠭᠲᠠᠬᠤ᠂ ᠴᠢᠩ ᠱᠦᠶ ᠾᠧ ᠵᠡᠷᠭᠡ 15 ᠥᠪᠡᠷᠲᠡᠭᠡᠨ ᠵᠠᠰᠠᠬᠤ ᠣᠷᠣᠨ ᠤ ᠲᠠᠰ ᠤᠨ ᠳᠥᠷᠪᠡᠳᠦᠭᠡᠷ ᠪᠦᠯᠦᠭ ᠤᠨ ︽ᠳᠥᠷᠪᠡᠨ ᠰᠠᠶᠢᠨ ᠬᠥᠳᠡᠭᠡ ᠲᠣᠰᠬᠤᠨ  ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠰᠢᠯᠭᠠᠷᠠᠭᠤᠯᠤᠨ ᠭᠠᠷᠭᠠᠪᠠ᠃ ᠣᠳᠣᠬᠠᠨ ᠪᠣᠯᠲᠠᠯ᠎ᠠ᠂ ᠮᠠᠨ  ᠤ ᠣᠷᠣᠨ ᠤᠯᠤᠰ ᠤᠨ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ 8 ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠠᠶᠢᠮᠠᠭ ᠬᠤᠲᠠ 2᠂ ᠵᠢᠱᠢᠶ᠎ᠡ ᠦᠵᠡᠭᠦᠯᠬᠦ ᠬᠤᠰᠢᠭᠤ ᠰᠢᠶᠠᠨ 30 ᠶᠢ ᠰᠢᠯᠭᠠᠷᠠᠭᠤᠯᠤᠨ ᠭᠠᠷᠭᠠᠪᠠ᠃      ᠭᠤᠷᠪᠠ ᠳᠤ᠂ ︽ᠵᠠᠮ ᠤᠨ ᠳᠠᠷᠤᠭ᠎ᠠ ᠶᠢᠨ ᠲᠦᠷᠢᠮ︾ ᠤᠨ ᠬᠡᠷᠡᠭᠵᠢᠭᠦᠯᠦᠯᠲᠡ ᠶᠢ ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠵᠠᠮ ᠤᠨ ᠳᠠᠷᠤᠭ᠎ᠠ ᠶᠢᠨ ᠳᠦᠷᠢᠮ  ᠢ ᠶᠡᠭᠡ ᠪᠠᠷ ᠳᠡᠯᠭᠡᠷᠡᠭᠦᠯᠦᠨ᠎ᠡ᠃ ᠣᠳᠣᠬᠠᠨ ᠪᠣᠯᠲᠠᠯ᠎ᠠ᠂ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ 90 ᠬᠤᠰᠢᠭᠤ ᠰᠢᠶᠠᠨ ᠳᠤ ᠨᠢᠭᠡᠨᠲᠡ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ  ᠪᠠᠷ ᠵᠠᠮ ᠤᠨ ᠳᠠᠷᠤᠭ᠎ᠠ ᠶᠢᠨ ᠲᠦᠷᠢᠮ ᠤᠨ ᠬᠡᠷᠡᠭᠵᠢᠭᠦᠯᠬᠦ ᠲᠥᠰᠦᠯ ᠢ ᠨᠡᠶᠢᠲᠡᠯᠡᠪᠡ᠃ ᠪᠦᠬᠦ ᠣᠷᠣᠨ ᠤ 8138 ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠳᠤ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠲᠣᠬᠢᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠠᠷᠠᠴᠢᠯᠠᠨ ᠬᠠᠮᠠᠭᠠᠯᠠᠬᠤ ᠠᠵᠢᠯᠲᠠᠨ 25900 ᠬᠥᠮᠦᠨ ᠳᠤ ᠬᠦᠷᠪᠡ᠃ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠶᠡᠷᠦᠩᠬᠡᠶ ᠪᠣᠷᠣ ᠲᠥᠯᠥᠪ ᠶᠠᠭ ᠠᠯᠬᠤᠮ ᠠᠯᠬᠤᠮ ᠢᠶᠠᠷ ᠪᠦᠷᠢᠯᠳᠦᠵᠦ᠂ ᠬᠠᠮᠢᠶᠠᠷᠤᠯᠲᠠ ᠶᠢᠨ ᠲᠣᠭᠲᠠᠴᠠ ᠡᠳᠦᠷ ᠢᠷᠡᠬᠦᠶ᠎ᠡ ᠲᠡᠭᠦᠯᠳᠡᠷᠵᠢᠵᠦ᠂ ︽ᠬᠤᠰᠢᠭᠤ ᠰᠢᠶᠠᠨ ᠳᠤ ᠵᠠᠮ ᠤᠨ ᠶᠠᠪᠤᠳᠠᠯ ᠤᠨ ᠠᠵᠢᠯᠲᠠᠨ ᠲᠠᠢ᠂ ᠰᠤᠮᠤ ᠰᠢᠶᠠᠩ ᠪᠠᠯᠭᠠᠰᠤᠨ ᠳᠤ ᠬᠢᠨᠠᠨ ᠬᠠᠮᠢᠶᠠᠷᠤᠭᠴᠢ ᠲᠠᠢ᠂ ᠭᠠᠴᠠᠭ᠎ᠠ ᠲᠣᠰᠬᠤᠨ ᠳᠤ ᠵᠠᠮ ᠬᠠᠮᠠᠭᠠᠯᠠᠭᠴᠢ ᠲᠠᠢ︾ ᠭᠤᠷᠪᠠᠨ ᠱᠠᠲᠤᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠡᠩᠨᠡᠭᠡ ᠲᠠᠰᠤᠷᠠᠯᠲᠠ ᠥᠬᠡᠶ ᠪᠤᠵᠠᠭᠠᠶᠢᠷᠠᠪᠠ᠃   ︵ᠴᠠᠢ ᠶᠤᠸᠠᠨ  ᠵᠤᠤ ᠹᠠᠩ  ᠸᠠᠩ ᠶᠠ ᠷᠦᠩ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号