ᠡᠯᠧᠺᠲᠷᠣᠨ ᠬᠡᠷᠡᠴᠢ ᠦᠨᠡᠮᠯᠡᠯ ᠢ ᠪᠥᠬᠦ ᠲᠠᠯ᠎ᠠ ᠪᠠᠷ ᠡᠬᠢᠯᠡᠨ ᠬᠡᠷᠡᠭᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2021/12/28
     ᠥᠪᠡᠷᠲᠡᠭᠡᠨ ᠵᠠᠰᠠᠬᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠪᠥᠬᠦ ᠣᠷᠣᠨ ᠤ ᠬᠡᠪᠴᠢᠶᠡᠨ ᠳᠤ ᠬᠠᠮᠢᠶ᠎ᠠ ᠪᠥᠬᠦᠶ ᠡᠯᠧᠺᠲᠷᠣᠨ ᠬᠡᠷᠡᠴᠢ ᠦᠨᠡᠮᠯᠡᠯ ᠢ ᠡᠬᠢᠯᠡᠨ ᠬᠡᠷᠡᠭᠯᠡᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠠᠵᠢᠯ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ︽ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ︽ᠵᠠᠮ ᠲᠡᠭᠡᠭᠡᠪᠦᠷᠢ ᠶᠢᠨ ᠦᠨᠡᠮᠯᠡᠯ︾ ︽ᠵᠠᠮ ᠲᠡᠭᠡᠭᠡᠪᠦᠷᠢ ᠶᠢᠨ ᠠᠶᠤᠯᠲᠠᠶ ᠡᠳ᠋ ᠪᠠᠷᠠᠭ᠎ᠠ ᠶᠢᠨ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ︾ ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ︾ ︽ᠲᠣᠭᠤᠷᠢᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾ ︽ᠰᠦᠯᠵᠢᠶ᠎ᠡ ᠪᠠᠷ ᠪᠣᠯᠵᠤᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ︽ᠵᠠᠰᠠᠮᠠᠯ ᠵᠠᠮ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ︾ ᠵᠡᠷᠭᠡ 7 ᠲᠥᠷᠥᠯ ᠤᠨ ᠦᠨᠡᠮᠯᠡᠯ ᠳᠤ ᠡᠯᠧᠺᠲᠷᠣᠨ ᠬᠡᠷᠡᠴᠢ ᠦᠨᠡᠮᠯᠡᠯ ᠢ ᠬᠡᠷᠡᠭᠯᠡᠨ᠎ᠡ᠃ ᠲᠣᠰ ᠡᠳᠦᠷ ᠠᠴᠠ ᠡᠬᠢᠯᠡᠨ ᠳᠡᠭᠡᠷ᠎ᠡ ᠳᠤᠷᠠᠳᠤᠭᠰᠠᠨ ᠭᠡᠷᠡᠴᠢ ᠦᠨᠡᠮᠯᠡᠯ ᠳᠤ ᠬᠤᠯᠪᠣᠭᠳᠠᠬᠤ ᠪᠣᠶ ᠪᠥᠬᠦᠶ ᠵᠥᠪᠰᠢᠶᠡᠷᠡᠯ ᠤᠨ ᠵᠦᠢᠯᠡᠰ ᠲᠤ ᠴᠥᠮ ᠡᠯᠧᠺᠲᠷᠣᠨ ᠭᠡᠷᠡᠴᠢ ᠦᠨᠡᠮᠯᠡᠯ ᠣᠯᠭᠤᠨ᠎ᠠ᠂ ᠡᠯᠧᠺᠲᠷᠣᠨ ᠭᠡᠷᠡᠴᠢ ᠦᠨᠡᠮᠯᠡᠯ ᠬᠢᠭᠡᠳ ᠴᠠᠭᠠᠰᠤᠨ ᠭᠡᠷᠡᠴᠢ ᠪᠢᠴᠢᠭ ᠨᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠂ ᠨᠢᠭᠡᠨᠲᠡ ᠣᠯᠭᠤᠭᠰᠠᠨ ᠴᠠᠭᠠᠰᠤᠨ ᠭᠡᠷᠡᠴᠢ ᠪᠢᠴᠢᠭ ᠨᠢ ᠲᠡᠭᠦᠨ ᠤ ᠬᠦᠴᠦᠨ ᠲᠠᠢ ᠬᠤᠭᠤᠴᠠᠭᠠᠨ ᠳᠤ ᠦᠷᠭᠦᠯᠵᠢᠯᠡᠨ ᠬᠦᠴᠦᠨ ᠲᠠᠢ᠃      ᠬᠤᠶᠠᠷ᠂ ᠳᠡᠭᠡᠷ᠎ᠡ ᠳᠤᠷᠠᠳᠤᠭᠰᠠᠨ ᠡᠯᠧᠺᠲᠷᠣᠨ ᠬᠡᠷᠡᠴᠢ ᠦᠨᠡᠮᠯᠡᠯ ᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵https://zwfw.nmg.gov.cn/︶ ᠵᠢᠴᠢ ︽ᠮᠦᠩᠬᠡ ᠰᠤᠪᠠᠭ︾ ᠤᠨ APP ᠠᠴᠠ ᠯᠠᠪᠯᠠᠵᠤ ᠪᠣᠯᠤᠨ᠎ᠠ᠃      ᠭᠤᠷᠪᠠ᠂ ᠡᠯᠧᠺᠲᠷᠣᠨ ᠬᠡᠷᠡᠴᠢ ᠦᠨᠡᠮᠯᠡᠯ ᠢ ᠨᠢᠭᠡᠨᠲᠡ ᠣᠯᠤᠭᠰᠠᠨ ᠪᠠᠶᠢᠪᠠᠯ ᠡᠯᠧᠺᠲᠷᠣᠨ ᠬᠡᠯᠪᠡᠷᠢ ᠪᠠᠷ ᠬᠡᠷᠡᠴᠢ ᠦᠨᠡᠮᠯᠡᠯ ᠢᠶᠠᠨ ᠳᠡᠯᠭᠡᠨ ᠦᠵᠡᠭᠦᠯᠬᠦ ᠪᠠ ᠭᠠᠷᠭᠠᠨ ᠥᠭᠴᠦ ᠪᠣᠯᠤᠨ᠎ᠠ᠂ ᠡᠯᠧᠺᠲᠷᠣᠨ ᠬᠡᠷᠡᠴᠢ ᠦᠨᠡᠮᠯᠡᠯ ᠤᠨ ᠳᠠᠷᠤᠮᠠᠯᠯᠠᠭᠰᠠᠨ ᠮᠠᠲ᠋ᠧᠷᠢᠶᠠᠯ ᠤᠨ ᠬᠡᠯᠪᠡᠷᠢ ᠪᠠᠷ ᠳᠡᠯᠭᠡᠨ ᠦᠵᠡᠭᠦᠯᠬᠦ ᠪᠠ ᠭᠠᠷᠭᠠᠨ ᠥᠭᠴᠦ ᠴᠦ ᠪᠣᠯᠤᠨ᠎ᠠ᠃      ᠲᠦᠷᠪᠡ᠂ ᠡᠯᠧᠺᠲᠷᠣᠨ ᠬᠡᠷᠡᠴᠢ ᠦᠨᠡᠮᠯᠡᠯ ᠢ ᠨᠢᠭᠡᠨᠲᠡ ᠣᠯᠤᠭᠰᠠᠨ ᠬᠠᠤᠯᠢ ᠶᠢᠨ ᠬᠥᠮᠦᠨ ᠪᠤᠶᠤ ᠪᠠᠶᠢᠭᠠᠯᠢ ᠬᠥᠮᠦᠨ ᠦᠷᠭᠦᠯᠵᠢᠯᠡᠭᠦᠯᠬᠦ᠂ ᠬᠤᠪᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠤᠶᠤᠴᠢᠯᠠᠬᠤ ᠳᠤ ᠪᠠᠨ ᠬᠠᠮᠢᠶ᠎ᠠ ᠪᠦᠬᠦᠢ ᠬᠡᠷᠡᠴᠢ ᠦᠨᠡᠮᠯᠡᠯ ᠤᠨ ᠵᠢᠩᠬᠢᠨᠢ ᠳᠡᠪᠲᠡᠷ᠂ ᠬᠠᠭᠤᠯᠪᠤᠷᠢ ᠳᠡᠪᠲᠡᠷ ᠤᠨ ᠤᠭ ᠮᠠᠲ᠋ᠧᠷᠢᠶᠠᠯ ᠢ ᠲᠤᠰᠢᠶᠠᠬᠤ ᠴᠢᠬᠤᠯᠠ ᠦᠭᠡᠢ᠃      ᠣᠨᠴᠠᠭᠠᠶᠢᠯᠠᠨ ᠵᠠᠷᠯᠠᠪᠠ᠃                  ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                            2021 ᠣᠨ ᠤ 12 ᠳ᠋ᠤᠭᠠᠷ ᠰᠠᠷ᠎ᠠ ᠶᠢᠨ 19 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号