S28 ᠪᠣᠷᠣᠬᠤᠲᠠ ᠠᠴᠠ ᠴᠢᠪᠠᠭ᠎ᠠ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠨᠢ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠭᠠᠳᠠᠷ ᠠᠵᠢᠯ ᠢ ᠬᠠᠶᠢᠨ ᠬᠡᠮᠵᠢᠵᠦ ᠰᠢᠯᠭᠠᠨ ᠠᠪᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/12/9
      ᠣᠶᠢᠷ᠎ᠠ ᠳᠤ᠂ S28 ᠣᠩᠨᠢᠭᠤᠳ ᠬᠤᠰᠢᠭᠤ ︵ᠪᠣᠷᠣᠬᠤᠲᠠ︶ ᠠᠴᠠ ᠠᠷᠤ ᠬᠤᠷᠴᠢᠨ ᠬᠤᠰᠢᠭᠤ ︵ᠴᠢᠪᠠᠭ᠎ᠠ︶  ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠭᠠᠳᠠᠷ ᠠᠵᠢᠯ ᠢ ᠬᠠᠶᠢᠨ ᠬᠡᠮᠵᠢᠵᠦ ᠰᠢᠯᠭᠠᠨ ᠠᠪᠬᠤ ᠬᠤᠷᠠᠯ ᠨᠢ ᠤᠯᠠᠭᠠᠨᠬᠠᠳᠠ ᠬᠤᠲᠠ ᠳᠤ ᠬᠤᠷᠠᠯᠳᠤᠪᠠ᠂ ᠬᠤᠷᠠᠯ  ᠢ ᠲᠥᠷᠥᠯ ᠵᠦᠶᠯ ᠤᠨ ᠵᠥᠪᠯᠡᠯᠭᠡ ᠥᠭᠴᠦ ᠬᠢᠨᠠᠨ ᠪᠠᠶᠢᠴᠠᠭᠠᠬᠤ ᠨᠢᠭᠡᠴᠢ ᠪᠣᠯᠬᠤ ᠪᠡᠭᠡᠵᠢᠩ ᠤᠨ ᠵᠥᠩ ᠵᠢᠶᠤᠤ ᠵᠢᠩ ᠬᠤᠸᠠ ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠵᠣᠬᠢᠶᠠᠨ ᠪᠠᠶᠢᠭᠤᠯᠵᠤ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ ᠳᠠᠭᠠᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠮ ᠳᠠᠭᠠᠤ ᠬᠤᠰᠢᠭᠤ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠨᠢᠭᠡᠴᠢ ᠵᠡᠷᠭᠡ ᠬᠤᠷᠠᠯ ᠳᠤ ᠣᠷᠤᠯᠴᠠᠪᠠ᠃ ᠲᠣᠰ ᠤᠳᠠᠭᠠᠨ ᠤ ᠭᠠᠳᠠᠷ ᠠᠵᠢᠯ ᠢ ᠰᠢᠯᠭᠠᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ᠂ ᠲᠣᠰ ᠲᠥᠷᠥᠯ ᠵᠦᠶᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠭᠠᠳᠠᠷ ᠠᠵᠢᠯ ᠨᠢ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠭᠰᠠᠨ ᠢ ᠬᠠᠷᠠᠭᠤᠯᠵᠤ᠂ ᠲᠠᠷᠠᠭᠠᠴᠢ ᠶᠢᠨ ᠠᠯᠬᠤᠮ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠠᠵᠢᠯ ᠤᠨ ᠵᠢᠷᠤᠵᠤ ᠲᠥᠯᠦᠪᠯᠡᠬᠦ ᠠᠵᠢᠯ ᠳᠤ ᠰᠠᠭᠤᠷᠢ ᠪᠠᠲᠤᠯᠠᠭ᠎ᠠ ᠪᠠ ᠮᠡᠷᠭᠡᠵᠢᠯ ᠤᠨ ᠳᠡᠮᠵᠢᠯᠭᠡ ᠬᠠᠩᠭᠠᠪᠠ᠃      S28 ᠪᠣᠷᠣᠬᠤᠲᠠ ᠠᠴᠠ ᠴᠢᠪᠠᠭ᠎ᠠ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠬᠦ ᠣᠷᠳᠣ ᠨᠢ ᠪᠠᠷᠤᠭ 123.23 ᠺᠢᠯᠣᠮᠧᠲᠷ ᠪᠠᠶᠢᠵᠤ᠂ ᠪᠠᠷᠤᠭᠯᠠᠨ ᠪᠣᠳᠤᠭᠰᠠᠨ ᠶᠡᠷᠦᠩᠬᠡᠢ ᠪᠡᠯᠡ ᠣᠷᠤᠭᠤᠯᠤᠯᠲᠠ ᠨᠢ 54.02 ᠳ᠋ᠦᠩᠰᠢᠭᠤᠷ ᠲᠥᠭᠦᠷᠢᠭ᠂ ᠲᠦᠰᠦᠯ ᠬᠤᠷᠳᠤ ᠨᠢ 120 ᠺᠢᠯᠦᠮᠧᠲᠷ / ᠴᠠᠭ᠂ ᠤᠯᠠᠭᠠᠨᠬᠠᠳᠠ ᠬᠤᠲᠠ ᠶᠢᠨ ᠠᠩᠬᠠᠳᠠᠭᠴᠢ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠪᠣᠯᠤᠨ᠎ᠠ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ᠂ ᠵᠠᠮ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ  ᠤᠨ ᠬᠥᠭᠵᠢᠯᠲᠡ ᠶᠢ ᠠᠬᠢᠭᠤᠯᠵᠤ᠂ ᠡᠭᠦᠨ ᠤ ᠬᠠᠮᠲᠤ ᠤᠯᠠᠭᠠᠨᠬᠠᠳᠠ ᠬᠤᠲᠠ ᠶᠢᠨ ᠲᠥᠪ ᠬᠤᠲᠠ ᠲᠣᠭᠤᠷᠢᠭ ᠪᠣᠯᠤᠨ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠤᠨ᠂ ᠤᠯᠠᠭᠠᠨᠬᠠᠳᠠ ᠬᠤᠲᠠ ᠶᠢᠨ ᠵᠡᠭᠦᠨ ᠬᠤᠶᠢᠲᠤ ᠬᠡᠰᠡᠭ ᠤᠨ ᠬᠤᠰᠢᠭᠤ ᠰᠢᠶᠠᠨ ᠢ ᠲᠥᠪ ᠬᠤᠲᠠ ᠲᠣᠭᠤᠷᠢᠭ ᠲᠤ ᠠᠭᠤᠰᠬᠠᠨ ᠣᠷᠣᠭᠤᠯᠬᠤ ᠳᠤ ᠳᠥᠭᠦᠮ ᠳᠥᠲᠡ ᠨᠡᠪᠲᠡᠷᠡᠬᠦ ᠵᠠᠮ ᠬᠠᠩᠭᠠᠨ᠎ᠠ᠂ ᠡᠭᠦᠨ ᠤ ᠬᠠᠮᠲᠤ ᠵᠠᠮ ᠳᠠᠭᠠᠤ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠬᠤ᠂ ᠭᠠᠵᠠᠷ ᠣᠷᠣᠨ ᠤ ᠨᠡᠶᠢᠭᠡᠮ ᠤᠨ ᠠᠵᠤ ᠠᠬᠤᠶ ᠶᠢ ᠬᠥᠭᠵᠢᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号