ᠰᠤᠷᠪᠤᠯᠵᠢᠯᠠᠭ᠎ᠠ ᠶᠢᠨ ᠭᠤᠣᠯ ᠰᠡᠳᠦᠪ ᠨᠢ ︽ᠪᠣᠬᠢᠷᠲᠤᠯ ᠥᠬᠡᠶ ᠪᠠᠷ ᠬᠥᠭᠵᠢᠨ ᠮᠠᠨᠳᠤᠵᠤ᠂ ᠵᠢᠶᠠᠩᠨᠠᠨ ᠣᠷᠣᠨ ᠢ ᠳᠠᠪᠠᠭ᠋ᠤ — ᠪᠢᠳᠠ ᠶᠠᠭᠠᠬᠢᠵᠤ ᠬᠢᠬᠦ ᠪᠤᠢ︾
ᠨᠡᠶᠢᠲᠡᠯᠡᠭᠰᠡᠨ ᠴᠠᠭ᠄
2021/3/1
     ᠰᠣᠷᠪᠤᠯᠵᠢᠯᠠᠭ᠎ᠠ ᠬᠦᠯᠢᠶᠡᠭᠴᠢ᠄ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ  ᠶᠢᠨ ᠳᠠᠷᠤᠭ᠎ᠠ ᠶᠠᠩ ᠱᠢ ᠵᠢᠶᠦ᠋ᠨ      ᠰᠤᠷᠪᠤᠯᠵᠢᠯᠠᠭᠰᠠᠨ ᠴᠠᠭ᠄ 2017-02-08      ᠭᠤᠤᠯ ᠠᠭᠤᠯᠭ᠎ᠠ ᠨᠢ᠄      ᠪᠠᠶᠠᠨᠨᠠᠭᠤᠷ ᠬᠤᠲᠠ ᠶᠢᠨ ︽ᠲᠤᠯᠤᠭᠠᠨ ᠶᠡᠭᠡ ᠰᠠᠭᠤᠷᠢ ᠲᠦᠭᠦᠭᠡᠷᠦᠮᠵᠢ ᠶᠢᠨ ᠲᠣᠤᠷ︾ ᠶᠢᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ᠪᠣᠬᠢᠷᠲᠤᠯ ᠥᠬᠡᠶ ᠪᠠᠷ ᠬᠥᠭᠵᠢᠨ ᠮᠠᠨᠳᠤᠵᠤ᠂ ᠵᠢᠶᠠᠩᠨᠠᠨ ᠣᠷᠣᠨ ᠢ ᠳᠠᠪᠠᠭ᠋ᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ ᠶᠠᠩ ᠱᠢ ᠵᠢᠶᠦ᠋ᠨ ᠢ ᠤᠷᠢᠵᠤ᠂ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠬᠤᠪᠢᠶᠠᠯᠴᠠᠨ᠎ᠠ…      ᠦᠰᠦᠭ ᠪᠢᠴᠢᠭ ᠤᠨ ᠪᠣᠳᠠᠲᠤ ᠲᠡᠮᠳᠡᠭᠯᠡᠯ      ᠭ᠊‍ᠥ᠋ᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠠᠩᠬᠠᠷᠬᠤ  ᠶᠢ ᠪᠠᠶᠠᠷᠯᠠᠨ ᠤᠭᠲᠤᠵᠤ ᠪᠠᠶᠢᠨ᠎ᠠ︕ ᠥᠨᠥᠳᠦᠷ ᠪᠢᠳᠡ ᠪᠠᠶᠠᠨᠨᠠᠭᠤᠷ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠶᠠᠩ ᠱᠢ ᠵᠢᠶᠦ᠋ᠨ ᠢ ᠤᠷᠢᠵᠤ ᠤᠯᠠᠨ ᠲᠠᠢ ᠰᠠᠨᠠᠯ ᠢᠶᠠᠨ ᠰᠣᠯᠢᠯᠴᠠᠶ᠎ᠠ᠃ ᠶᠠᠩ ᠲᠣᠪᠴᠢᠶᠠᠨ ᠳᠠᠷᠤᠭ᠎ᠠ ᠡ᠂ ᠲᠠ ᠰᠠᠶᠢᠨ ᠤᠤ︕ ﹇2017-02-08 09᠄45᠄10﹈      ᠬᠦᠯᠢᠶᠡᠭᠴᠢ᠄ ᠶᠠᠩ ᠱᠢ ᠵᠢᠶᠦ᠋ᠨ      ᠬᠥᠲᠥᠯᠥᠭᠴᠢ ᠰᠠᠶᠢᠨ ᠤᠤ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠣᠷᠣᠯᠴᠠᠬᠤ ᠳᠤ ᠪᠠᠨ ᠮᠠᠰᠢ ᠪᠠᠶᠠᠷ ᠲᠠᠢ ᠪᠠᠶᠢᠨ᠎ᠠ᠃ ﹇2017-02-08 09᠄ 46᠄ 23﹈      ᠬᠥᠲᠥᠯᠥᠭᠴᠢ᠄      ᠶᠠᠩ ᠲᠣᠪᠴᠢᠶᠠᠨ ᠳᠠᠷᠤᠭ᠎ᠠ ᠡ  ᠂ ᠲᠠ ᠲᠣᠰ ᠰᠠᠯᠠᠭ᠎ᠠ ᠮᠥᠴᠢᠷ ᠤᠨ ᠠᠵᠢᠯ ᠲᠠᠢ ᠪᠠᠨ ᠤᠶᠠᠯᠳᠤᠭᠤᠯᠤᠨ᠂ ᠪᠠᠶᠠᠨᠨᠠᠭᠤᠷ ᠬᠤᠲᠠ ᠶᠢᠨ ︽ᠲᠤᠯᠤᠭᠠᠨ ᠶᠡᠭᠡ ᠰᠠᠭᠤᠷᠢ ᠲᠥᠬᠦᠭᠡᠷᠦᠮᠵᠢ ᠶᠢᠨ ᠲᠣᠤᠷ︾ ᠤᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠬᠡᠷᠬᠢᠨ ᠲᠦᠷᠭᠡᠳᠬᠡᠵᠦ᠂ ︽ᠪᠣᠬᠢᠷᠲᠤᠯ ᠥᠬᠡᠶ ᠪᠠᠷ ᠬᠥᠭᠵᠢᠨ ᠮᠠᠨᠳᠤᠵᠤ᠂ ᠵᠢᠶᠠᠩᠨᠠᠨ ᠣᠷᠣᠨ ᠢ ᠳᠠᠪᠠᠭ᠋ᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠲᠤᠬᠠᠶ ᠶᠠᠷᠢᠭᠠᠷᠠᠶ︖ ﹇201-02-08 09᠄ 47᠄ 23﹈      ᠬᠦᠯᠢᠶᠡᠭᠴᠢ᠄ ᠶᠠᠩ ᠱᠢ ᠵᠢᠶᠦ᠋ᠨ      ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠲᠡᠮᠦᠷ ᠵᠠᠮ ᠤᠨ ᠲᠣᠤᠷ᠂ ᠵᠠᠰᠠᠮᠠᠯ ᠵᠠᠮ ᠤᠨ ᠲᠣᠤᠷ᠂ ᠠᠭᠠᠷ ᠤᠨ ᠠᠶᠠᠯᠠᠯ ᠤᠨ ᠲᠣᠤᠷ᠂ ᠬᠤᠳᠠ ᠶᠢᠨ ᠶᠠᠪᠤᠳᠠᠯ ᠤᠨ ᠲᠣᠤᠷ᠂ ᠤᠰᠤᠨ ᠠᠰᠢᠭᠯᠠᠯᠲᠠ ᠶᠢᠨ ᠲᠣᠤᠷ᠂ ᠡᠬᠢ ᠪᠠᠶᠠᠯᠢᠭ ᠤᠨ ᠲᠣᠤᠷ᠂ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠲᠣᠤᠷ ︿ᠲᠤᠯᠤᠭᠠᠨ ᠶᠡᠭᠡ ᠲᠣᠤᠷ﹀ ᠶᠢᠨ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ  ᠲᠤᠤᠷ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ︾ ᠭᠡᠵᠦ ᠳᠤᠷᠠᠳᠴᠠᠢ᠃ ᠪᠠᠶᠠᠨᠨᠠᠭᠤᠷ ᠬᠤᠲᠠ ᠶᠢᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ︽ᠬᠥᠬᠡᠬᠤᠲᠠ ᠪᠤᠭᠤᠲᠤ ᠢᠷᠭᠠᠢ ᠶᠢᠨ ᠳᠡᠭᠡᠳᠦ ᠬᠤᠷᠳᠤ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠡᠮᠦᠷ ᠵᠠᠮ᠂ ᠨᠢᠰᠬᠡᠯ ᠤᠨ ᠪᠠᠭᠤᠳᠠᠯ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠳᠣᠬᠢᠴᠢᠯᠠᠭᠰᠠᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠤᠮᠠᠷᠠᠰᠢ ᠪᠠᠨ ︿ᠲᠠᠯ᠎ᠠ ᠨᠤᠲᠤᠭ ᠤᠨ ᠵᠠᠮ﹀ ᠳᠤ ᠠᠭᠤᠰᠤᠯᠴᠠᠨ ᠣᠷᠣᠬᠤ᠂ ᠡᠮᠦᠨᠡᠰᠢ ᠪᠠᠨ ᠭᠤᠸᠠᠩᠰᠢ ᠶᠢᠨ ᠴᠢᠨᠵᠸᠤ ᠭᠠᠷᠠᠮ ᠳᠤ ᠰᠢᠭᠤᠳ ᠬᠦᠷᠴᠦ ︿ᠲᠠᠯᠠᠢ ᠳᠡᠭᠡᠷᠡᠬᠢ ᠲᠣᠷᠭᠠᠨ ᠵᠠᠮ﹀ ᠢ ᠬᠤᠯᠪᠤᠵᠤ᠂ ᠪᠠᠷᠠᠭᠤᠨᠰᠢ ᠰᠢᠨᠵᠢᠶᠠᠩ ᠳᠤ ᠣᠷᠣᠵᠤ ᠠᠷᠠᠪ ᠤᠨ ᠤᠯᠤᠰ ᠤᠳ ᠢ ᠬᠤᠯᠪᠣᠭᠰᠠᠨ ᠨᠡᠭᠡᠭᠡᠯᠳᠡ ᠶᠢᠨ ᠵᠠᠮ ᠢ ᠨᠡᠪᠲᠡᠷᠡᠭᠦᠯᠵᠦ᠂ ᠵᠡᠭᠦᠨᠰᠢ ᠪᠠᠷᠠᠭᠤᠨᠰᠢ ᠨᠡᠪᠲᠡᠷᠡᠭᠰᠡᠨ᠂ ᠡᠮᠦᠨᠡᠰᠢ ᠤᠮᠠᠷᠠᠰᠢ ᠶᠢ ᠬᠤᠯᠪᠤᠨ ᠨᠡᠪᠲᠡᠷᠡᠭᠦᠯᠦᠭᠰᠡᠨ ︿ᠶᠡᠭᠡ ᠰᠠᠴᠤᠷᠠᠭ﹀ ᠵᠠᠮ ᠬᠠᠷᠢᠯᠴᠠᠭᠠᠨ ᠤ ᠲᠣᠣᠷ︾ ᠢ ᠪᠠᠶᠢᠭᠤᠯᠤᠨ᠎ᠠ᠃ ᠡᠨᠡ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠰᠠᠶᠢᠲᠤᠷ ᠬᠢᠬᠦ ᠶᠢᠨ ᠠᠵᠢᠯᠯᠠᠭᠠᠨ ᠤ ᠵᠦᠭᠯᠡᠭᠦᠷ ᠪᠣᠯᠤᠨ᠎ᠠ᠃ ﹇2017-02-08 09᠄ 49᠄ 11﹈      ᠬᠥᠲᠥᠯᠥᠭᠴᠢ᠄      ᠶᠠᠩ ᠲᠣᠪᠴᠢᠶᠠᠨ ᠳᠠᠷᠤᠭ᠎ᠠ ᠡ᠂ ᠣᠳᠣᠬᠠᠨ ᠳᠤ ᠪᠠᠶᠠᠨᠨᠠᠭᠤᠷ ᠬᠤᠲᠠ ᠶᠢᠨ ᠵᠠᠮ ᠬᠠᠷᠢᠯᠴᠠᠭᠠᠨ ᠤ ᠲᠥᠷᠥᠯ ᠵᠦᠢᠯ ᠤᠨ ᠪᠠᠯᠠ ᠣᠷᠣᠭᠤᠯᠤᠯᠲᠠ ᠵᠢᠴᠢ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠶᠠᠮᠠᠷ ᠵᠡᠷᠭᠡ ᠪᠣᠶ︖ ﹇2017-02-08 09᠄ 53᠄ 18﹈      ᠬᠦᠯᠢᠶᠡᠭᠴᠢ᠄ ᠶᠠᠩ ᠱᠢ ᠵᠢᠶᠦ᠋ᠨ      2016 ᠣᠨ ᠳᠤ᠂ ᠪᠠᠶᠠᠨᠨᠠᠭᠤᠷ ᠬᠤᠲᠠ ᠶᠢᠨ ᠬᠢᠨ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠪᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠠᠯᠠ ᠣᠷᠣᠭᠤᠯᠤᠯᠲᠠ ᠶᠢ 57 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠪᠠᠷᠢᠯᠭ᠎ᠠ ᠶᠢᠨ ᠪᠠᠯᠠ ᠣᠷᠣᠭᠤᠯᠤᠯᠲᠠ ᠶᠢ 23 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠩᠭᠡᠷᠡᠭᠰᠡᠨ ᠵᠢᠯ ᠤᠳ ᠤᠨ ᠬᠠᠮᠤᠭ ᠤᠨ ᠶᠡᠭᠡ ᠬᠡᠮᠵᠢᠶᠡᠨ ᠳᠤ ᠬᠦᠷᠴᠡᠶ᠃ ᠨᠡᠶᠢᠲᠡ ᠶᠢᠨ ᠵᠠᠮ ᠬᠠᠷᠢᠯᠴᠠᠭᠠᠨ ᠤ ᠥᠭᠡᠷᠡᠴᠢᠯᠡᠯᠲᠡ᠂ ᠯᠢᠨ ᠾᠧ ᠠᠴᠠ ᠰᠠᠶᠢᠨ ᠤᠰᠤ ᠬᠦᠷᠬᠦ ᠵᠠᠰᠠᠮᠠᠯ ᠵᠠᠮ ᠤᠨ ᠰᠦᠢᠳᠭᠡᠯ ᠬᠤᠷᠢᠶᠠᠬᠤ ᠡᠷᠬᠡ ᠶᠢ ᠬᠤᠷᠢᠶᠠᠨ ᠠᠪᠴᠢᠷᠠᠬᠤ ᠵᠡᠷᠭᠡ ᠨᠢᠭᠡ ᠪᠦᠯᠦᠭ ᠣᠯᠠᠨ ᠵᠢᠯ ᠤᠨ ᠬᠦᠴᠢᠷ ᠶᠠᠪᠤᠳᠠᠯ᠂ ᠲᠦᠷᠭᠡᠨ ᠠᠬᠢᠭᠤᠯᠬᠤ ᠪᠠᠷ ᠶᠠᠭᠠᠷᠠᠵᠤ ᠪᠠᠶᠢᠭ᠎ᠠ ᠶᠡᠭᠡ ᠶᠠᠪᠤᠳᠠᠯ ᠪᠠ ᠣᠯᠠᠨ ᠲᠦᠮᠡᠨ ᠤ ᠬᠦᠰᠡᠵᠦ ᠪᠠᠶᠢᠭ᠎ᠠ ᠪᠣᠳᠠᠲᠤ ᠶᠠᠪᠤᠳᠠᠯ ᠢ ᠪᠦᠲᠦᠭᠡᠵᠦ᠂ ᠠᠵᠢᠯ ᠲᠥᠷᠥᠯ ᠤᠨ ᠬᠥᠭᠵᠢᠯᠲᠡ ᠶᠢᠨ ᠢᠲᠡᠭᠡᠯ ᠵᠣᠷᠢᠭ ᠪᠠ ᠺᠠᠳ᠋ᠷ ᠠᠵᠢᠯᠲᠠᠨ ᠠᠵᠢᠯᠴᠢᠨ ᠤ ᠠᠵᠢᠯ ᠬᠢᠵᠦ  ᠦᠢᠯᠡᠰ ᠴᠣᠭᠴᠠᠯᠠᠬᠤ ᠲᠡᠮᠡᠴᠡᠯ ᠤᠨ ᠵᠣᠷᠢᠭ ᠪᠠ ᠣᠷᠭᠢᠯᠤᠮ᠎ᠠ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠵᠦ᠂ ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠶᠠᠨᠨᠠᠭᠤᠷ ᠤᠨ ᠬᠡᠰᠡᠭ ᠤᠨ ᠭᠤᠤᠯ ᠱᠤᠭᠤᠮ ᠤᠨ ᠵᠠᠮ ᠤᠨ ᠭᠠᠳᠠᠷᠭᠤ ᠶᠢᠨ ᠪᠠᠷᠢᠯᠭ᠎ᠠ ᠶᠢ ᠪᠥᠬᠦ ᠱᠤᠭᠤᠮ ᠢᠶᠠᠷ ᠨᠡᠪᠲᠡᠷᠡᠭᠦᠯᠪᠡ︔ ᠯᠢᠨ ᠾᠧ ᠬᠤᠲᠠ ᠶᠢᠨ ᠬᠤᠶᠢᠲᠤ ᠬᠡᠰᠡᠭ ᠤᠨ ᠨᠢᠭᠡᠳᠦᠭᠡᠷ ᠳᠡᠰ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠭᠤᠤᠯ ᠴᠣᠭᠴᠠ ᠶᠢᠨ ᠪᠠᠷᠢᠯᠭ᠎ᠠ  ᠶᠢᠨ ᠠᠵᠢᠯ ᠳᠠᠭᠤᠰᠤᠭᠰᠠᠨ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ  ᠤ ᠠᠵᠢᠯ ᠢ ᠲᠦᠷᠭᠡᠳᠬᠡᠨ ᠠᠬᠢᠭᠤᠯᠵᠤ᠂ 2017 ᠣᠨ ᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠰᠠᠭᠤᠷᠢ ᠲᠠᠯᠪᠢᠪᠠ᠃ ᠪᠥᠬᠦ ᠵᠢᠯ ᠤᠨ ᠬᠠᠷᠠᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠪᠠᠶᠠᠨᠨᠠᠭᠤᠷ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠲᠤᠯᠭᠠᠭᠤᠷᠢᠯᠠᠭᠰᠠᠨ ᠪᠠ ᠬᠥᠲᠥᠯᠦᠨ ᠵᠢᠯᠣᠭᠤᠳᠪᠠ᠃ ﹇2017- 02-08 09᠄ 54᠄ 26﹈      ᠬᠥᠲᠥᠯᠥᠭᠴᠢ᠄      ᠬᠤᠶᠢᠰᠢᠳᠠ ᠬᠡᠷᠬᠢᠨ ᠨᠡᠩ ᠲᠡᠭᠦᠯᠳᠡᠷᠵᠢᠭᠰᠡᠨ ᠣᠳᠣᠬᠢᠴᠢᠯᠠᠭᠰᠠᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠤᠯᠠᠨ ᠤ ᠶᠠᠪᠤᠵᠤ ᠰᠠᠭᠤᠬᠤ ᠳᠤ ᠨᠡᠩ ᠰᠠᠶᠢᠲᠤᠷ ᠦᠢᠯᠡᠴᠢᠯᠡᠬᠦ ᠪᠤᠢ︖ ﹇2017-02-08 09᠄ 59᠄ 19﹈      ᠬᠦᠯᠢᠶᠡᠭᠴᠢ᠄ ᠶᠠᠩ ᠱᠢ ᠵᠢᠶᠦ᠋ᠨ      ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠠᠶᠠᠨᠨᠠᠭᠤᠷ ᠬᠤᠲᠠ ᠨᠢ 1.93 ᠲᠦᠮᠡᠨ ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠬᠤ ᠪᠠᠷ ᠲᠥᠯᠥᠪᠵᠢᠭᠦᠯᠵᠦ᠂ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ 350 ᠳ᠋ᠦᠩᠰᠢᠭᠤᠷ ᠲᠥᠭᠦᠷᠢᠭ ᠪᠡᠶᠡᠯᠡᠭᠦᠯᠵᠦ᠂ 500 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠪᠥᠬᠦ ᠣᠷᠳᠣ ᠶᠢᠨ ᠬᠡᠮᠵᠢᠶ᠎ᠡ ᠶᠢ 2.2 ᠲᠦᠮᠡᠨ ᠺᠢᠯᠣᠮᠧᠲᠷ ᠲᠤ ᠬᠦᠷᠦᠭᠦᠯᠵᠦ᠂ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ᠂ ᠨᠢᠭᠡᠳᠦᠭᠡᠷ ᠳᠡᠰ ᠤᠨ ᠵᠠᠰᠠᠮᠠᠯ ᠵᠠᠮ ᠢ 1000 ᠺᠢᠯᠣᠮᠧᠲᠷ ᠲᠤ ᠬᠦᠷᠦᠭᠦᠯᠵᠦ᠂ ᠬᠤᠶᠠᠳᠤᠭᠠᠷ ᠳᠡᠰ ᠤᠨ ᠵᠠᠰᠠᠮᠠᠯ ᠵᠠᠮ ᠢ 1200 ᠺᠢᠯᠣᠮᠧᠲᠷ ᠲᠤ ᠬᠦᠷᠦᠭᠦᠯᠦᠨ᠎ᠡ᠃ 2020 ᠣᠨ ᠪᠣᠯᠬᠤ ᠳᠤ᠂ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠢ ᠳᠡᠭᠡᠳᠦ ᠬᠤᠷᠳᠤᠵᠢᠭᠤᠯᠬᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠰᠦᠯᠵᠢᠶᠡᠵᠢᠭᠦᠯᠬᠦ ᠵᠠᠮ ᠤᠨ ᠲᠣᠤᠷᠵᠢᠯ ᠤᠨ ᠪᠠᠶᠢᠷᠢᠰᠢᠯ ᠢ ᠴᠢᠷᠮᠠᠶᠢᠨ ᠪᠡᠶᠡᠯᠡᠭᠦᠯᠵᠦ᠂ ᠠᠮᠤᠷ ᠲᠦᠪᠰᠢᠨ ᠳᠥᠭᠦᠮ ᠳᠥᠲᠡ᠂ ᠪᠣᠰᠤᠭ᠎ᠠ ᠴᠣᠭᠴᠠᠲᠤ ᠥᠨᠳᠥᠷ ᠦᠷ᠎ᠡ ᠪᠦᠲᠦᠮᠵᠢᠲᠡᠶ᠂ ᠪᠣᠬᠢᠷᠲᠤᠯ ᠥᠬᠡᠶ ᠣᠶᠤᠨᠴᠢᠯᠠᠭᠰᠠᠨ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠤᠨ᠎ᠠ᠃ ﹇2017-02-08 10᠄ 00᠄ 36﹈      ᠬᠥᠲᠥᠯᠥᠭᠴᠢ᠄      ᠶᠠᠩ ᠲᠣᠪᠴᠢᠶᠠᠨ ᠳᠠᠷᠤᠭ᠎ᠠ ᠡ᠂ ᠲᠠ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠠᠯᠢ ᠲᠠᠯ᠎ᠠ ᠪᠠᠷ ᠥᠷᠨᠢᠭᠦᠯᠬᠦ ᠲᠤᠬᠠᠶ ᠶᠠᠷᠢᠭᠠᠳ ᠥᠭᠭᠦᠨ᠎ᠡ ᠤᠤ︖ ﹇2017-02-08 10᠄ 05᠄ 32﹈      ᠬᠦᠯᠢᠶᠡᠭᠴᠢ᠄ ᠶᠠᠩ ᠱᠢ ᠵᠢᠶᠦ᠋ᠨ      ᠳᠠᠷᠤᠶ ︽ᠲᠠᠪᠤᠨ ᠵᠠᠮ ᠬᠠᠷᠢᠯᠴᠠᠭ᠎ᠠ︾ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦᠯᠡᠬᠦ ᠬᠡᠷᠡᠭᠲᠡᠶ᠃ ᠨᠢᠭᠡ ᠳᠤ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠯᠥᠭᠡᠲᠡᠶ ᠪᠣᠯᠭᠠᠬᠤ ᠲᠠᠯ᠎ᠠ ᠪᠠᠷ ᠬᠦᠴᠦᠯᠡᠨ᠎ᠡ᠃ ᠬᠤᠶᠠᠷ ᠲᠤ᠂ ᠠᠷᠠᠳ ᠤᠨ ᠠᠮᠢᠳᠤᠷᠠᠯ ᠤᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦᠯᠡᠨ᠎ᠡ᠃ ᠭᠤᠷᠪᠠ ᠳᠤ᠂ ᠠᠮᠤᠷ ᠠᠮᠤᠭᠤᠯᠠᠩ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦᠯᠡᠨ᠎ᠡ᠃ ᠳᠥᠷᠪᠡ ᠳᠤ᠂ ᠪᠣᠬᠢᠷᠲᠤᠯ ᠥᠬᠡᠶ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦᠯᠡᠨ᠎ᠡ᠃ ᠲᠠᠪᠤ ᠳᠤ᠂ ᠤᠶᠤᠨᠲᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦᠯᠡᠨ᠎ᠡ᠃ ﹇2017-02-08 10᠄ 06᠄ 23﹈      ᠬᠥᠲᠥᠯᠥᠭᠴᠢ᠄      ᠶᠠᠩ ᠲᠣᠪᠴᠢᠶᠠᠨ ᠳᠠᠷᠤᠭ᠎ᠠ ᠡ᠂ ᠲᠠ ᠪᠣᠳᠠᠲᠠᠶ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠲᠤᠬᠠᠶ ᠶᠠᠷᠢᠭᠠᠷᠠᠶ᠃ ﹇2017-02-08 10᠄ 08᠄ 20﹈      ᠬᠦᠯᠢᠶᠡᠭᠴᠢ᠄ ᠶᠠᠩ ᠱᠢ ᠵᠢᠶᠦ᠋ᠨ      ︽ᠨᠢᠭᠡ ᠪᠦᠰᠡ ᠨᠢᠭᠡ ᠵᠠᠮ︾ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ G6᠂ G7 ᠳᠡᠭᠡᠳᠦ ᠬᠤᠷᠳᠤ ᠶᠢᠨ ᠵᠠᠰᠠᠮᠠᠯ ᠵᠠᠮ᠂ 110 ᠤᠯᠤᠰ ᠤᠨ ᠵᠠᠮ ᠪᠠ ᠶᠠᠭ ᠬᠡᠷᠡᠭᠵᠢᠭᠦᠯᠵᠦ ᠪᠠᠶᠢᠭ᠎ᠠ 242 ᠤᠯᠤᠰ ᠤᠨ ᠵᠠᠮ ᠤᠨ ᠭᠠᠭᠴᠠ ᠮᠣᠲᠤ ᠠᠴᠠ ᠯᠢᠨ ᠾᠧ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ ᠤᠯᠤᠰ ᠮᠤᠵᠢ ᠶᠢᠨ ᠭᠤᠣᠯ ᠱᠤᠭᠤᠮ ᠢᠶᠠᠷ ᠭᠤᠣᠯ ᠪᠣᠷᠣ ᠲᠥᠯᠥᠪ ᠪᠣᠯᠭᠠᠵᠤ᠂ ᠤᠮᠠᠷᠠᠰᠢ ᠪᠠᠨ ᠭᠠᠭᠴᠠ ᠮᠣᠲᠤ ᠪᠣᠭᠤᠮᠲᠠ ᠪᠠᠷ ᠥᠩᠭᠡᠷᠡᠨ ︽ᠲᠠᠯ᠎ᠠ ᠨᠤᠲᠤᠭ ᠤᠨ ᠲᠣᠷᠭᠠᠨ ᠵᠠᠮ︾ ᠢ ᠨᠡᠪᠲᠡᠷᠡᠭᠦᠯᠵᠦ᠂ ᠡᠮᠦᠨᠡᠰᠢ ᠪᠠᠨ ᠳᠤᠮᠳᠠᠲᠤ ᠣᠷᠣᠨ ᠢᠶᠠᠷ ᠥᠩᠭᠡᠷᠡᠨ ᠭᠤᠸᠠᠩᠰᠢ ᠶᠢᠨ ᠴᠢᠨᠵᠸᠤ ᠭᠠᠷᠠᠮ ᠳᠤ ᠰᠢᠭᠤᠳ ᠭᠦᠷᠴᠤ ︽ᠲᠠᠯᠠᠢ ᠳᠡᠭᠡᠷᠡᠬᠢ ᠲᠣᠷᠭᠠᠨ ᠵᠠᠮ︾ ᠢ ᠬᠤᠯᠪᠣᠵᠤ᠂ ᠪᠠᠷᠠᠭᠤᠨᠰᠢ ᠪᠠᠨ ᠨᠢᠩᠰᠢᠶᠠ᠂ ᠰᠢᠨᠵᠢᠶᠠᠩ᠂ ᠲᠥᠪᠡᠳ ᠬᠢᠭᠡᠳ ᠪᠠᠷᠠᠭᠤᠨ ᠠᠽᠢᠶ᠎ᠠ ᠳᠤ ᠣᠷᠣᠵᠤ ︽ᠡᠷᠲᠡᠨ ᠤ ᠲᠣᠷᠭᠠᠨ ᠵᠠᠮ︾ ᠢ ᠵᠠᠯᠭᠠᠵᠤ᠂ ᠵᠡᠭᠦᠨᠰᠢ ᠪᠠᠨ ᠪᠡᠭᠡᠵᠢᠩ ᠲᠢᠶᠠᠨᠵᠢᠨ ᠾᠧᠪᠧᠢ ᠶᠢᠨ ᠠᠵᠤ ᠠᠬᠤᠶ ᠶᠢᠨ ᠲᠣᠭᠤᠷᠢᠭ ᠲᠤ ᠠᠭᠤᠰᠤᠯᠴᠠᠨ ᠣᠷᠣᠪᠠ᠃ ᠡᠭᠦᠨ ᠤ ᠬᠠᠮᠲᠤ᠂ 2017 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 335᠂ 331 ᠤᠯᠤᠰ ᠤᠨ ᠵᠠᠮ ᠪᠣᠯᠤᠨ 311᠂ 215 ᠮᠤᠵᠢ ᠶᠢᠨ ᠵᠠᠮ ᠤᠨ ᠪᠠᠶᠠᠨᠨᠠᠭᠤᠷ ᠬᠤᠳᠠ ᠶᠢᠨ ᠬᠢᠯᠢ ᠶᠢᠨ ᠳᠣᠲᠣᠷᠠᠬᠢ ᠪᠠᠷᠢᠯᠭ᠎ᠠ ᠵᠢᠴᠢ ᠤᠳᠤ ᠶᠠᠭ ᠠᠬᠢᠭᠤᠯᠵᠤ ᠪᠠᠶᠢᠭ᠎ᠠ 110 ᠤᠯᠤᠰ ᠤᠨ ᠵᠠᠮ ᠤᠨ ᠯᠢᠨ ᠾᠧ ᠠᠴᠠ ᠳ᠋ᠧᠩᠺᠸᠤ ᠬᠦᠷᠬᠦ ᠬᠡᠰᠡᠭ ᠤᠨ ᠬᠤᠶᠠᠷ ᠢ ᠨᠢᠭᠡ ᠪᠣᠯᠭᠠᠨ ᠥᠭᠡᠷᠡᠴᠢᠯᠡᠬᠦ ᠪᠠᠷᠢᠯᠭ᠎ᠠ ᠪᠠᠷ ᠲᠤᠯᠭᠠᠭᠤᠷᠢᠯᠠᠭᠤᠯᠵᠤ᠂ ᠬᠢᠯᠢ ᠶᠢᠨ ᠳᠣᠲᠣᠷᠠᠬᠢ ᠤᠯᠤᠰ ᠮᠤᠵᠢ ᠶᠢᠨ ᠭᠤᠣᠯ ᠱᠤᠭᠤᠮ ᠤᠨ ᠵᠠᠮ ᠤᠨ ᠲᠣᠣᠷ ᠤᠨ ᠳᠡᠰ ᠳᠡᠪᠰᠢᠭᠦᠯᠦᠨ ᠥᠭᠡᠷᠡᠴᠢᠯᠡᠬᠦ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠨ᠎ᠡ᠃ ᠵᠡᠭᠦᠨᠰᠢ ᠪᠠᠷᠠᠭᠤᠨᠰᠢ ᠨᠡᠪᠲᠡᠷᠡᠭᠰᠡᠨ᠂ ᠡᠮᠦᠨᠡᠰᠢ ᠤᠮᠠᠷᠠᠰᠢ ᠶᠢ ᠬᠤᠯᠪᠤᠨ ᠨᠡᠪᠲᠡᠷᠡᠭᠦᠯᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠡᠭᠡᠭᠡᠪᠦᠷᠢᠯᠡᠬᠦ ᠪᠠ ᠰᠣᠶᠣᠯ ᠵᠢᠭᠤᠯᠴᠢᠯᠠᠯ ᠤᠨ ᠶᠡᠭᠡ ᠵᠠᠮ ᠢ ᠪᠠᠶᠢᠭᠤᠯᠤᠨ᠎ᠠ᠃ ᠠᠷᠠᠳ ᠣᠯᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠲᠤᠬᠠᠶ ᠰᠠᠨᠠᠭᠰᠠᠨ᠂ ᠪᠣᠳᠤᠭᠰᠠᠨ᠂ ᠬᠦᠰᠡᠭᠰᠡᠨ ᠢᠶᠠᠷ ᠨᠢᠭᠡᠳᠦᠭᠡᠷ ᠳᠣᠬᠢᠶ᠎ᠠ ᠪᠣᠯᠭᠠᠵᠤ᠂ ᠨᠢᠭᠡ ᠨᠢᠭᠡ ᠪᠠᠷ ᠣᠯᠵᠤ ᠬᠠᠷᠠᠬᠤ᠂ ᠪᠣᠳᠠᠲᠤ ᠠᠰᠢᠭ ᠭᠥᠷᠳᠡᠬᠦ ᠪᠣᠳᠠᠲᠤ ᠶᠠᠪᠤᠳᠠᠯ ᠢᠶᠠᠷ ᠣᠯᠠᠨ ᠲᠦᠮᠡᠨ ᠤ ᠪᠥᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ﹇2017-02-08 10᠄ 09᠄ 10﹈      ᠬᠥᠲᠥᠯᠥᠭᠴᠢ᠄      ᠶᠠᠩ ᠲᠣᠪᠴᠢᠶᠠᠨ ᠳᠠᠷᠤᠭ᠎ᠠ ᠡ᠂ ᠲᠠ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢᠨ ᠲᠠᠯ᠎ᠠ ᠪᠠᠷ ᠪᠢᠳᠡ ᠶᠠᠭᠠᠬᠢᠵᠤ ᠬᠢᠭᠰᠡᠨ ᠢᠶᠠᠨ ᠶᠠᠷᠢᠭᠠᠷᠠᠢ᠃ ﹇2017-02-08 10᠄ 15᠄ 08﹈      ᠬᠦᠯᠢᠶᠡᠭᠴᠢ᠄ ᠶᠠᠩ ᠱᠢ ᠵᠢᠶᠦ᠋ᠨ      ︽ᠲᠤᠯᠤᠭᠠᠨ ᠶᠡᠭᠡ ᠲᠣᠤᠷ︾ ᠶᠢᠨ ᠰᠢᠰᠲ᠋ᠧᠮᠵᠢ ᠤᠨ ᠪᠠᠶᠢᠭᠤᠯᠤᠯᠲᠠ ᠶᠢᠨ ᠳᠤᠮᠳᠠ᠂ ᠵᠠᠮ ᠤᠨ ᠲᠣᠣᠷ ᠤᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠮᠠᠰᠢ ᠶᠡᠭᠡ ᠪᠠᠶᠢᠵᠤ᠂ ᠭᠤᠣᠯᠳᠠᠭᠤ ᠲᠥᠷᠥᠯ ᠵᠦᠢᠯ ᠢ ᠨᠥᠭᠡᠴᠡᠯᠡᠬᠦ ᠪᠠ ᠪᠡᠯᠡ ᠮᠥᠩᠭᠦ ᠴᠤᠭᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠯᠠ ᠮᠥᠩᠭᠦ ᠶᠢᠨ ᠣᠷᠣᠭᠤᠯᠤᠯᠲᠠ ᠠᠴᠠ ᠰᠠᠯᠵᠤ ᠴᠢᠳᠠᠬᠤ ᠥᠬᠡᠶ᠂ ᠤᠯᠤᠰ᠂ ᠥᠪᠡᠷᠲᠡᠭᠡᠨ ᠵᠠᠰᠠᠬᠤ ᠣᠷᠣᠨ ᠵᠡᠷᠭᠡ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠯᠠ ᠣᠷᠣᠭᠤᠯᠤᠯᠲᠠ ᠶᠢ ᠲᠡᠮᠡᠴᠡᠨ ᠤᠯᠬᠤ ᠠᠴᠠ ᠭᠠᠳᠠᠨ᠎ᠠ᠂ ᠨᠠᠩ ᠴᠢᠬᠤᠯᠠ ᠨᠢ ᠪᠠᠯᠠ ᠲᠣᠬᠢᠷᠠᠭᠤᠯᠭ᠎ᠠ ᠶᠢᠨ ᠰᠢᠨ᠎ᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠬᠦᠴᠦᠨ ᠢ ᠪᠠᠳᠠᠷᠠᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠪᠠᠷ ᠰᠠᠭᠤᠷᠢ ᠴᠡᠭ ᠪᠣᠯᠭᠠᠵᠤ᠂ ᠨᠡᠶᠢᠭᠡᠮ ᠤᠨ ᠪᠠᠯᠠ ᠣᠷᠣᠭᠤᠯᠤᠯᠲᠠ ᠶᠢ ᠨᠠᠩ ᠣᠯᠠᠨ ᠳᠠᠶᠢᠴᠢᠯᠠᠨ ᠭᠥᠢᠯᠭᠡᠭᠡᠨ᠎ᠡ᠃ ᠣᠳᠣᠬᠠᠨ ᠳᠤ᠂ ᠪᠠᠶᠠᠨᠨᠠᠭᠤᠷ ᠬᠤᠲᠠ ᠶᠠᠭ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠵᠡᠷᠭᠡ ᠶᠡᠭᠡ ᠬᠡᠪᠴᠢᠶᠡᠨ ᠤ ᠲᠥᠪ ᠤᠨ ᠠᠵᠤ ᠠᠬᠤᠶᠢᠯᠠᠯ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠤᠨ ᠬᠠᠮᠲᠤᠷᠠᠯᠴᠠᠬᠤ  ᠶᠢ ᠢᠳᠡᠪᠬᠢᠲᠡᠶ ᠡᠷᠢᠯᠬᠢᠯᠡᠵᠦ ᠪᠠᠶᠢᠨ᠎ᠠ᠂ ᠵᠠᠷᠢᠮ ᠲᠥᠷᠥᠯ ᠵᠦᠢᠯ ᠢ ᠨᠢᠭᠡᠨᠲᠡ ᠡᠬᠢᠯᠡᠨ ᠪᠥᠲᠥᠭᠡᠨ ᠪᠠᠶᠢᠭᠤᠯᠵᠤ ᠪᠠᠶᠢᠨ᠎ᠠ᠃ ﹇2017-02-08 10᠄ 16᠄ 08﹈      ᠬᠥᠲᠥᠯᠥᠭᠴᠢ᠄      ᠵᠠ᠂ ᠰᠦᠯᠵᠢᠶᠡᠨ ᠤ ᠠᠨᠳᠠ ᠨᠠᠷ ᠡ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠶᠠᠩ ᠲᠣᠪᠴᠢᠶᠠᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠤᠮᠵᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠠᠩᠬᠠᠷᠤᠯ ᠲᠠᠯᠪᠢᠭᠰᠠᠨ ᠳᠤ ᠲᠠᠯᠠᠷᠬᠠᠵᠤ ᠪᠠᠶᠢᠨ᠎ᠠ︕ ﹇2017-02-08 10᠄ 20᠄ 08﹈      ᠬᠦᠯᠢᠶᠡᠭᠴᠢ᠄ ᠶᠠᠩ ᠱᠢ ᠵᠢᠶᠦ᠋ᠨ        ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠲᠤ ᠲᠠᠯᠠᠷᠬᠠᠵᠤ ᠪᠠᠶᠢᠨ᠎ᠠ᠃ ᠣᠯᠠᠨ  ᠢᠶᠠᠷ ᠢᠶᠠᠨ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠤ ᠦᠷᠭᠦᠯᠵᠢᠯᠡᠨ ᠠᠩᠬᠠᠷᠤᠯ ᠲᠠᠯᠪᠢᠵᠤ᠂ ᠳᠡᠮᠵᠢᠯᠭᠡ ᠦᠵᠡᠭᠦᠯᠵᠦ᠂ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ ﹇2017-02-08 10᠄ 21᠄ 14﹈
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号