︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠳᠣᠭᠢᠷᠠᠬᠤ ᠲᠦᠷᠢᠮ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/3/19
     ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠷᠬᠡ ᠶᠢᠨ ᠬᠠᠤᠯᠢ ᠶᠣᠰᠤᠨ ᠤ᠂ ᠵᠦᠶ ᠵᠣᠬᠢᠰᠲᠠᠶ᠂ ᠡᠷᠬᠡ ᠲᠡᠭᠰᠢ᠂ ᠲᠥᠪ ᠭᠤᠤᠯᠴᠢ᠂ ᠢᠯᠡ ᠪᠠᠷ ᠬᠡᠷᠡᠭᠵᠢᠭᠦᠯᠦᠭᠳᠡᠬᠦ ᠶᠢ ᠠᠬᠢᠭᠤᠯᠤᠨ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠂ ᠠᠵᠢᠯ ᠲᠥᠷᠥᠯ ᠤᠨ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠠᠶ ᠲᠠᠢ ᠭᠦᠢᠴᠡᠳ ᠤᠶᠠᠯᠳᠤᠭᠤᠯᠵᠤ᠂ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠡᠯᠡᠬᠦ ᠲᠦᠷᠢᠮ︾ ︵2018 ᠣᠨ ᠤ 10 ᠳ᠋ᠤᠭᠠᠷ ᠰᠠᠷ᠎ᠠ ᠳᠤ ᠵᠠᠰᠠᠪᠤᠷᠢ ᠣᠷᠣᠭᠤᠯᠪᠠ︶ ᠳᠤ ᠵᠠᠰᠠᠪᠤᠷᠢ ᠣᠷᠣᠭᠤᠯᠪᠠ᠃      ᠨᠡᠶᠢᠲᠡᠯᠡᠭᠰᠡᠨ ᠠᠬᠤᠶ ᠪᠠᠶᠢᠳᠠᠯ      ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠤᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠬᠡᠷᠡᠭᠴᠡᠭᠡ᠃ ︽ᠬᠠᠤᠯᠢ ᠪᠠᠷ ᠤᠯᠤᠰ ᠢᠶᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠵᠡᠷᠭᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠳᠤ ᠴᠥᠮ ᠵᠠᠰᠠᠭ ᠵᠠᠬᠢᠷᠭᠠᠨ ᠤ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠡᠭᠦᠷᠭᠡ ᠴᠢᠳᠠᠪᠬᠢ ᠪᠠᠨ ᠲᠡᠭᠦᠯᠳᠡᠷᠵᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ  ᠶᠢᠨ ᠡᠷᠬᠡ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠣᠯ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠬᠡᠷᠡᠭᠴᠡᠭᠡ᠃ ︽ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ᠪᠣᠯ ᠵᠠᠰᠠᠭ ᠵᠠᠬᠢᠷᠭᠠᠨ ᠤ ᠰᠢᠢᠳᠬᠡᠯ ᠢ ᠵᠢᠷᠤᠮᠵᠢᠭᠤᠯᠤᠨ ᠲᠡᠭᠦᠯᠳᠡᠷᠵᠢᠭᠦᠯᠬᠦ ᠴᠢᠬᠤᠯᠠ ᠠᠷᠭ᠎ᠠ ᠪᠠᠷᠢᠯ ᠮᠥᠨ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠷᠬᠡ ᠶᠢ ︽ᠲᠦᠷᠢᠮ ᠤᠨ ᠰᠢᠩᠭᠡᠯᠢᠭ ᠲᠤ ᠬᠤᠷᠢᠵᠤ︾᠂ ᠢᠯᠡ ᠪᠠᠷ ᠠᠵᠢᠯᠯᠠᠭᠤᠯᠬᠤ ᠨᠢ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠢ ᠡᠰᠡ ᠦᠢᠯᠡᠳᠬᠦᠢ᠂ ᠳᠤᠷ᠎ᠠ ᠪᠠᠷ ᠦᠢᠯᠡᠳᠬᠦᠢ ᠢ ᠪᠠᠭᠠᠰᠬᠠᠬᠤ᠂ ᠲᠠᠰᠤᠯᠤᠯᠲᠠ  ᠶᠢᠨ ᠳᠤᠷ᠎ᠠ ᠵᠣᠷᠢᠭ ᠤᠨ ᠴᠢᠨᠠᠷ ᠪᠠ ᠨᠢᠭᠡᠳᠦᠯᠲᠦ ᠪᠤᠰᠤ ᠴᠢᠨᠠᠷ ᠢ ᠪᠠᠭᠠᠰᠬᠠᠬᠤ᠂ ᠲᠣᠭᠲᠠᠭᠠᠯ ᠢ ᠵᠥᠷᠢᠴᠡᠨ ᠬᠠᠤᠯᠢ ᠬᠡᠷᠡᠭᠵᠢᠭᠦᠯᠬᠦ ᠶᠢ ᠬᠤᠷᠢᠭᠯᠠᠨ ᠵᠣᠭᠰᠣᠭᠠᠬᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠷᠬᠡ ᠶᠢᠨ ᠵᠢᠷᠤᠮᠵᠢᠭᠤᠨ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠳᠤ ᠴᠥᠮ ᠴᠢᠬᠤᠯᠠ ᠦᠢᠯᠡᠳᠦᠯ ᠲᠠᠢ ᠶᠤᠮ᠃      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠥᠷᠨᠢᠭᠦᠯᠬᠦ ᠶᠢᠨ ᠬᠡᠷᠡᠭᠴᠡᠭᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠴᠡᠭ ᠣᠯᠠᠨ᠂ ᠱᠤᠭᠤᠮ ᠤᠷᠲᠤ᠂ ᠬᠡᠪᠴᠢᠶ᠎ᠡ ᠥᠷᠭᠡᠨ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠣᠯᠠᠨ᠂ ᠨᠡᠶᠢᠭᠡᠮ ᠤᠨ ᠨᠥᠯᠥᠭᠡ ᠨᠡᠯᠢᠶᠡᠳ ᠶᠡᠭᠡ ᠪᠠᠶᠢᠳᠠᠭ᠃ ︽ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ᠢ ᠪᠦᠷᠢᠨᠰᠢᠭᠦᠯᠦᠨ ᠲᠡᠭᠦᠯᠳᠡᠷᠵᠢᠭᠦᠯᠬᠦ ᠨᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠪᠥᠬᠦ ᠶᠠᠪᠤᠴᠠ ᠶᠢᠨ ᠬᠢᠨᠠᠯᠲᠠ ᠲᠠᠯᠪᠢᠵᠤ᠂ ᠨᠡᠶᠢᠭᠡᠮ ᠤᠨ ᠣᠯᠠᠨ ᠨᠡᠶᠢᠲᠡ ᠪᠠ ᠡᠯ᠎ᠡ ᠲᠥᠷᠥᠯ ᠤᠨ ᠪᠠᠶᠢᠭᠤᠯᠤᠮᠵᠢ ᠶᠢᠨ ᠪᠦᠲᠦᠮᠵᠢᠲᠡᠶ ᠬᠢᠨᠠᠯᠲᠠ ᠶᠢ ᠬᠦᠯᠢᠶᠡᠵᠦ᠂ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠦᠨᠡᠨ ᠬᠦ ᠪᠠᠲᠤᠯᠠᠬᠤ ᠶᠢᠨ ᠬᠠᠮᠲᠤ᠂ ᠢᠯᠵᠠᠷᠠᠯ ᠢ ᠤᠷᠢᠳᠴᠢᠯᠠᠨ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠰᠢᠰᠲ᠋ᠧᠮ ᠢ ᠪᠠᠶᠢᠭᠤᠯᠬᠤ ᠶᠢᠨ ᠬᠡᠷᠡᠭᠴᠡᠭᠡ ᠶᠢᠨ ᠲᠠᠯ᠎ᠠ ᠪᠣᠯᠤᠨ᠎ᠠ᠃      ᠬᠤᠶᠠᠷ᠂ ᠳᠣᠭᠲᠠᠭᠠᠭᠰᠠᠨ ᠦᠨᠳᠦᠰᠦᠯᠡᠯ      ︵ᠨᠢᠭᠡ︶ ᠰᠢᠢᠳᠬᠡᠯ ᠲᠣᠷᠭᠠᠭᠤᠯᠢ ᠶᠢ ᠬᠠᠤᠯᠢ ᠪᠠᠷ ᠲᠣᠭᠲᠠᠭᠠᠬᠤ ᠵᠠᠷᠴᠢᠮ᠃ ᠰᠢᠢᠳᠬᠡᠯ ᠲᠣᠷᠭᠠᠭᠤᠯᠢ ᠶᠢ ᠬᠠᠤᠯᠢ ᠪᠠᠷ ᠲᠣᠭᠲᠠᠭᠠᠬᠤ ᠵᠠᠷᠴᠢᠮ ᠪᠣᠯ ᠵᠠᠰᠠᠭ ᠵᠠᠬᠢᠷᠭᠠᠨ ᠤ ᠰᠢᠢᠳᠬᠡᠯ ᠢ ᠲᠣᠭᠲᠠᠭᠠᠬᠤ ᠪᠠ ᠬᠡᠷᠡᠭᠵᠢᠭᠦᠯᠬᠦ ᠦᠶ᠎ᠡ ᠳᠤ ᠵᠢᠷᠤᠮᠯᠠᠬᠤ ᠦᠨᠳᠦᠰᠦᠨ ᠵᠠᠷᠴᠢᠮ ᠮᠥᠨ᠂ ᠪᠠᠰᠠ ᠴᠤ ︽ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ᠢ ᠲᠣᠭᠲᠠᠭᠠᠬᠤ ᠦᠶ᠎ᠡ ᠳᠤ ᠵᠢᠷᠤᠮᠯᠠᠬᠤ ᠲᠡᠷᠢᠭᠦᠨ ᠴᠢᠬᠤᠯᠠ ᠵᠠᠷᠴᠢᠮ ᠮᠥᠨ᠃ ᠰᠢᠢᠳᠬᠡᠯ ᠲᠣᠷᠭᠠᠭᠤᠯᠢ ᠶᠢ ᠬᠠᠤᠯᠢ ᠪᠠᠷ ᠲᠣᠭᠲᠠᠭᠠᠬᠤ ᠵᠠᠷᠴᠢᠮ ᠢ ᠦᠨᠳᠦᠰᠦᠯᠡᠨ᠂ ︽ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ᠢ ᠲᠣᠭᠲᠠᠭᠠᠬᠤ ᠦᠶ᠎ᠡ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠡᠷᠬᠡ ᠣᠯᠭᠤᠭᠰᠠᠨ ᠬᠡᠪᠴᠢᠶᠡᠨ ᠳᠤ ᠪᠣᠳᠠᠲᠠᠶ ᠠᠭᠤᠯᠭ᠎ᠠ ᠶᠢ ᠲᠣᠭᠲᠠᠭᠠᠵᠤ᠂ ᠡᠯ᠎ᠡ ᠵᠦᠢᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠷᠬᠡ ᠶᠢᠨ ᠬᠠᠤᠯᠢ ᠶᠣᠰᠣᠭᠠᠷ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠬᠠᠤᠯᠢ ᠲᠣᠭᠲᠠᠭᠠᠯ ᠳᠤ ᠨᠡᠶᠢᠴᠡᠬᠦ ᠵᠠᠷᠴᠢᠮ᠃ ︽ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠪᠠᠷᠢᠮᠵᠢᠶ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠦᠨ᠎ᠡ ᠭᠡᠵᠦ ᠳᠤᠷᠠᠳᠤᠨ ᠭᠠᠷᠭᠠᠪᠠ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠠᠮᠠᠷ ᠨᠢᠭᠡᠨ ᠵᠦᠢᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠡᠢ ᠲᠠᠰᠤᠯᠤᠯᠳᠠ ᠶᠢᠨ ᠡᠷᠬᠡ ᠶᠢ ᠣᠯᠭᠤᠬᠤ ᠳᠤ ᠴᠥᠮ ᠬᠡᠷᠡᠭᠯᠡᠬᠦ ᠲᠦᠷᠢᠮ ᠢ ᠦᠨᠳᠦᠰᠦᠯᠡᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ ᠲᠤᠬᠢᠷᠠᠭᠤᠯᠵᠤ᠂ ᠬᠠᠤᠯᠢ ᠲᠣᠭᠲᠠᠭᠠᠬᠤ ᠵᠣᠷᠢᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠴᠢᠬᠤᠯᠠᠲᠠᠢ ᠪᠠᠶᠢᠳᠠᠭ᠃      ︵ᠭᠤᠷᠪᠠ︶ ᠠᠯᠳᠠᠭ᠎ᠠ ᠰᠢᠢᠳᠬᠡᠯ ᠲᠣᠷᠭᠠᠭᠤᠯᠢ ᠲᠡᠩᠴᠡᠭᠦᠦ ᠪᠠᠶᠢᠬᠤ ᠵᠠᠷᠴᠢᠮ᠃ ︽ᠲᠠᠰᠤᠯᠤᠯᠲᠠ ᠶᠢᠨ ᠡᠷᠬᠡ ᠶᠢ ᠬᠡᠷᠡᠭᠯᠡᠬᠦ ᠲᠦᠷᠢᠮ︾ ᠢ ᠲᠣᠭᠲᠠᠭᠠᠬᠤ ᠦᠶ᠎ᠡ ᠳᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠳᠤ ᠬᠡᠷᠡᠭᠯᠡᠬᠦ ᠰᠢᠢᠳᠬᠡᠯ ᠲᠣᠷᠭᠠᠭᠤᠯᠢ ᠶᠢᠨ ᠲᠦᠷᠦᠯ ᠵᠦᠢᠯ ᠪᠠ ᠰᠢᠢᠳᠬᠡᠯ ᠲᠣᠷᠭᠠᠭᠤᠯᠢ ᠶᠢᠨ ᠬᠡᠮᠵᠢᠶ᠎ᠡ ᠶᠢ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ ᠵᠢᠴᠢ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠤᠨ ᠬᠡᠮᠵᠢᠶ᠎ᠡ ᠲᠠᠢ ᠠᠳᠠᠯᠢ ᠪᠠᠶᠢᠯᠭᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠦᠯᠦ ᠰᠢᠢᠳᠬᠡᠬᠦ᠂ ᠬᠥᠩᠭᠡᠷᠡᠭᠦᠯᠦᠨ ᠰᠢᠢᠳᠬᠡᠬᠦ᠂ ᠬᠦᠡᠭᠭᠡᠨ ᠢᠶᠠᠷ ᠰᠢᠢᠳᠬᠡᠬᠦ᠂ ᠬᠦᠨᠳᠦ ᠪᠠᠷ ᠰᠢᠢᠳᠬᠡᠬᠦ ᠪᠠᠶᠢᠳᠠᠯ ᠢ ᠬᠠᠤᠯᠢ ᠶᠣᠰᠣᠭᠠᠷ ᠲᠣᠭᠲᠠᠭᠠᠭᠠᠳ᠂ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠪᠣᠳᠠᠲᠠᠢ ᠬᠡᠷᠡᠭ ᠤᠨ ᠪᠠᠶᠢᠳᠠᠯ ᠲᠠᠢ ᠤᠶᠠᠯᠳᠤᠭᠤᠯᠤᠨ ᠲᠣᠭᠲᠠᠭᠠᠯ ᠭᠠᠷᠭᠠᠬᠤ ᠳᠤ ᠲᠦᠬᠦᠮ ᠦᠵᠡᠭᠦᠯᠵᠦ᠂ ᠠᠯᠳᠠᠭ᠎ᠠ ᠰᠢᠢᠳᠬᠡᠯ ᠨᠢ ᠲᠡᠩᠴᠡᠭᠦᠦ ᠪᠠᠶᠢᠬᠤ ᠶᠢ ᠦᠨᠡᠨ ᠬᠦ ᠪᠠᠲᠤᠯᠠᠵᠤ᠂ ᠬᠦᠡᠭᠭᠡᠨ ᠪᠤᠷᠤᠭᠤ ᠶᠢ ᠬᠦᠨᠳᠦ ᠪᠠᠷ ᠰᠢᠢᠳᠬᠡᠵᠦ᠂ ᠬᠦᠨᠳᠦ ᠪᠤᠷᠤᠭᠤ ᠶᠢ ᠬᠦᠡᠭᠭᠡᠨ ᠢᠶᠠᠷ ᠰᠢᠢᠳᠬᠡᠬᠦ ᠶᠢ ᠰᠡᠷᠭᠡᠶᠢᠯᠡᠬᠦ ᠬᠡᠷᠡᠭᠲᠡᠢ᠃      ︵ᠳᠥᠷᠪᠡ︶ ᠰᠢᠢᠳᠬᠡᠯ ᠲᠣᠷᠭᠠᠭᠤᠯᠢ ᠪᠠ ᠬᠦᠮᠦᠵᠢᠯ ᠢ ᠬᠠᠷᠢᠯᠴᠠᠨ ᠤᠶᠠᠯᠳᠤᠭᠤᠯᠬᠤ ᠵᠠᠷᠴᠢᠮ᠃ ᠰᠢᠢᠳᠬᠡᠯ ᠪᠠ ᠬᠦᠮᠦᠵᠢᠯ ᠢ ᠬᠠᠷᠢᠯᠴᠠᠨ ᠤᠶᠠᠯᠳᠤᠭᠤᠯᠬᠤ ᠪᠣᠯ ᠮᠠᠨ ᠤ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠢᠮᠠᠭᠲᠠ ᠪᠠᠷᠢᠮᠲᠠᠯᠠᠳᠠᠭ ᠵᠠᠷᠴᠢᠮ ᠮᠥᠨ᠃ ᠡᠶᠢᠮᠦ ᠠᠴᠠ᠂ ︽ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ᠢ ᠲᠣᠭᠲᠠᠭᠠᠬᠤ ᠶᠠᠪᠤᠴᠠ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠡᠷᠬᠡ ᠣᠯᠭᠤᠭᠰᠠᠨ ᠬᠡᠪᠴᠢᠶᠡᠨ ᠳᠤ᠂ ᠰᠢᠢᠳᠬᠡᠭᠳᠡᠭᠴᠢ ᠶᠢ ᠰᠤᠷᠭᠠᠨ ᠬᠥᠮᠦᠵᠢᠭᠦᠯᠬᠦ ᠳᠤ ᠠᠰᠢᠭᠲᠠᠶ ᠪᠠᠶᠢᠬᠤ ᠵᠠᠷᠴᠢᠮ ᠶᠣᠰᠣᠭᠠᠷ᠂ ᠬᠠᠤᠯᠢ ᠠᠴᠠ ᠵᠥᠷᠢᠴᠡᠭᠰᠡᠨ ᠠᠷᠭ᠎ᠠ ᠪᠠᠷᠢᠯ᠂ ᠨᠡᠶᠢᠭᠡᠮ ᠤᠨ ᠬᠤᠤᠷ ᠬᠥᠨᠥᠭᠡᠯᠲᠦ ᠴᠢᠨᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠤᠬᠠᠶ ᠶᠢᠨ ᠬᠥᠮᠦᠨ ᠤ ᠬᠠᠤᠯᠢ ᠠᠴᠠ ᠵᠥᠷᠢᠴᠡᠭᠰᠡᠨ ᠢ ᠰᠢᠢᠳᠬᠡᠬᠦ ᠪᠣᠳᠠᠲᠠᠶ ᠪᠠᠷᠢᠮᠵᠢᠶ᠎ᠠ ᠶᠢ ᠲᠣᠭᠲᠠᠭᠠᠨ᠎ᠠ᠃      ᠭᠤᠷᠪᠠ᠂ ᠭᠤᠣᠯ ᠠᠭᠤᠯᠭ᠎ᠠ      ︽ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ᠨᠢ ᠨᠡᠶᠢᠲᠡ 27 ᠵᠦᠢᠯ ᠲᠠᠢ᠂ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ︵2018 ᠣᠨ ᠤ 10 ᠳ᠋ᠤᠭᠠᠷ ᠰᠠᠷ᠎ᠠ ᠳᠤ ᠵᠠᠰᠠᠪᠤᠷᠢ ᠣᠷᠣᠭᠤᠯᠪᠠ︶ ᠤᠨ ᠰᠠᠭᠤᠷᠢᠨ ᠳᠡᠭᠡᠷ᠎ᠡ᠂ ᠣᠳᠣᠬᠠᠨ ᠤ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠡᠷᠭᠡ ᠶᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠥᠬᠡᠶ ᠪᠣᠯᠭᠠᠭᠰᠠᠨ ᠪᠠᠶᠢᠳᠠᠯ ᠲᠠᠢ ᠤᠶᠠᠯᠳᠤᠭᠤᠯᠤᠨ  ᠂ ᠦᠯᠦ ᠰᠢᠢᠳᠬᠡᠬᠦ᠂ ᠬᠥᠩᠭᠡᠷᠡᠭᠦᠯᠦᠨ ᠰᠢᠢᠳᠬᠡᠬᠦ᠂ ᠬᠥᠩᠭᠡᠨ ᠢᠶᠠᠷ ᠰᠢᠢᠳᠬᠡᠬᠦ᠂ ᠬᠦᠨᠳᠦ ᠪᠠᠷ ᠰᠢᠢᠳᠬᠡᠬᠦ᠂ ᠬᠠᠤᠯᠢ ᠲᠦᠷᠢᠮ ᠢ ᠬᠢᠨᠠᠨ ᠬᠠᠷᠭᠤᠭᠤᠯᠬᠤ᠂ ᠬᠠᠮᠲᠤ ᠪᠠᠷ ᠶᠠᠷᠢᠯᠴᠠᠬᠤ᠂ ᠮᠡᠳᠡᠭᠦᠯᠦᠨ ᠬᠦᠷᠭᠡᠵᠦ ᠳᠠᠩᠰᠠᠯᠠᠭᠤᠯᠬᠤ᠂ ᠬᠤᠶᠠᠷ ᠬᠠᠤᠯᠢ ᠶᠢ ᠵᠣᠯᠭᠠᠭᠤᠯᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠪᠢᠴᠢᠭ ᠬᠠᠷ᠎ᠠ ᠵᠣᠬᠢᠶᠠᠬᠤ ᠵᠡᠷᠭᠡ ᠠᠭᠤᠯᠭ᠎ᠠ ᠳᠤ ᠲᠣᠭᠲᠠᠭᠠᠯ ᠭᠠᠷᠭᠠᠪᠠ᠃      ᠳᠥᠷᠪᠡ᠂ ᠬᠡᠷᠡᠭᠯᠡᠬᠦ ᠬᠡᠪᠴᠢᠶ᠎ᠡ      ᠬᠡᠷᠡᠭᠯᠡᠬᠦ ᠬᠡᠪᠴᠢᠶ᠎ᠡ ᠨᠢ ᠪᠦᠬᠦ ᠣᠷᠤᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠤᠨ᠎ᠠ᠃      ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠥᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号