ᠰᠤᠷᠪᠤᠯᠵᠢᠯᠠᠭ᠎ᠠ ᠶᠢᠨ ᠭᠤᠣᠯ ᠰᠡᠳᠦᠪ ᠨᠢ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠬᠤ᠂ ᠬᠡᠷᠡᠭᠯᠡᠬᠦ᠂ ᠰᠠᠶᠢᠵᠢᠷᠠᠭᠤᠯᠬᠤ ᠶᠢ ᠠᠬᠢᠭᠤᠯᠬᠤ
ᠨᠡᠶᠢᠲᠡᠯᠡᠭᠰᠡᠨ ᠴᠠᠭ᠄
2021/3/2
           ᠰᠤᠷᠪᠤᠯᠵᠢᠯᠠᠭ᠎ᠠ ᠬᠦᠯᠢᠶᠡᠭᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ      ᠰᠤᠷᠪᠤᠯᠵᠢᠯᠠᠭᠰᠠᠨ ᠴᠠᠭ᠄ 2020-08-14      ᠭᠤᠤᠯ ᠠᠭᠤᠯᠭ᠎ᠠ ᠨᠢ᠄      2016 ᠣᠨ ᠠᠴᠠ ᠡᠬᠢᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠤᠨ ᠶᠠᠮᠤᠨ ᠤ ᠵᠠᠰᠠᠮᠠᠯ ᠵᠠᠮ ᠤᠨ ᠲᠣᠪᠴᠢᠶ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠥᠪᠥᠷ ᠮᠣᠩᠭᠤᠯ ᠨᠢ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠳᠡᠭᠡᠷ᠎ᠡ ᠦᠢᠯᠡᠴᠢᠯᠡᠭᠡᠨ ᠤ ᠲᠥᠬᠦᠭᠡᠷᠦᠮᠵᠢ ᠪᠠᠶᠢᠭᠤᠯᠵᠤ᠂ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠢ ᠤᠷᠢᠨ᠎ᠠ ᠁      ᠦᠰᠦᠭ ᠪᠢᠴᠢᠭ ᠤᠨ ᠪᠣᠳᠠᠲᠤ ᠲᠡᠮᠳᠡᠭᠯᠡᠯ            ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠣᠰ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠵᠠᠪᠰᠢᠶᠠᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠢ ᠳᠠᠬᠢᠨᠲᠠ ᠤᠷᠢᠵᠤ᠂ ᠡᠨᠡ ᠤᠳᠠᠭ᠎ᠠ ᠨᠢ ︽ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠬᠤ᠂ ᠬᠡᠷᠡᠭᠯᠡᠬᠦ᠂ ᠰᠠᠶᠢᠵᠢᠷᠠᠭᠤᠯᠬᠤ ᠶᠢ ᠠᠬᠢᠭᠤᠯᠬᠤ ︾ ᠭᠤᠤᠯ ᠰᠡᠳᠦᠪ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠨ᠎ᠠ᠃  ᠶᠦᠨ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ ﹇2020-08-18 15᠄ 59᠄ 53﹈        ᠬᠦᠯᠢᠶᠡᠭᠴᠢ᠄ ᠶᠦᠨ ᠸᠧᠨ ᠵᠢᠩ      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠳᠤ ᠳᠠᠬᠢᠨᠲᠠ ᠢᠷᠡᠭᠰᠡᠨ ᠳᠤ ᠪᠠᠨ ᠮᠠᠰᠢ ᠪᠠᠶᠠᠷᠲᠠᠶ ᠪᠠᠶᠢᠨ᠎ᠠ᠃ ᠳᠣᠤᠷ᠎ᠠ᠂ ᠪᠢ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠲᠣᠬᠠᠢ ᠬᠥᠲᠥᠯᠥᠭᠴᠢ ᠵᠢᠴᠢ ᠰᠦᠯᠵᠢᠶᠡᠨ ᠤ ᠠᠨᠳᠠ ᠨᠠᠷ ᠤᠨ ᠠᠩᠬᠠᠷᠴᠤ ᠪᠠᠶᠢᠭ᠎ᠠ ᠠᠰᠠᠭᠤᠳᠠᠯ ᠢ ᠬᠠᠷᠢᠭᠤᠯᠤᠶ᠎ᠠ᠃ ﹇2020- 08-14 14 ᠄ 31᠄ 53﹈ ﹇2020-08-14 14᠄ 31᠄ 53﹈      ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠣᠲᠣ ᠨᠡᠶᠢᠭᠡᠮ ᠨᠡᠶᠢᠲᠡ ᠪᠠᠷ ᠢᠶᠠᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠠᠰᠠᠭᠤᠳᠠᠯ ᠢ ᠨᠡᠶᠢᠳᠡᠮ ᠠᠩᠬᠠᠷᠴᠤ ᠪᠠᠶᠢᠨ᠎ᠠ᠂ ᠭᠡᠪᠡᠴᠦ ᠬᠡᠰᠡᠭ ᠣᠯᠠᠨ ᠲᠦᠮᠡᠨ ᠨᠢ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠶᠢᠮᠦ ᠰᠠᠶᠢᠨ ᠣᠶᠢᠯᠠᠭᠠᠬᠤ ᠥᠬᠡᠶ ᠪᠠᠶᠢᠨ᠎ᠠ᠃ ᠲᠡᠭᠡᠪᠡᠯ᠂ ᠲᠠ ᠡᠨᠡ ᠬᠦ ᠤᠬᠠᠭᠳᠠᠬᠤᠨ ᠢ ᠪᠢᠳᠡᠨ ᠳᠤ ᠤᠷᠢᠳᠠᠪᠠᠷ ᠲᠠᠶᠢᠯᠪᠤᠷᠢᠯᠠᠬᠤ ᠶᠢᠨ ᠬᠠᠮᠲᠤ᠂ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠳᠡᠭᠡᠷ᠎ᠡ ᠦᠢᠯᠡᠴᠢᠯᠡᠭᠡᠨ ᠤ ᠲᠥᠬᠦᠭᠡᠷᠦᠮᠵᠢ ᠪᠠᠶᠢᠭᠤᠯᠬᠤ ᠶᠢᠨ ᠴᠢᠬᠤᠯᠠ ᠴᠢᠨᠠᠷ ᠢ ᠲᠠᠨᠢᠯᠴᠠᠭᠤᠯᠤᠭᠠᠳ ᠦᠭᠭᠦᠭᠡᠷᠡᠢ᠃ ﹇2020-08-14 14᠄ 32᠄ 53﹈      ᠬᠦᠯᠢᠶᠡᠭᠴᠢ᠄ ᠶᠦᠨ ᠸᠧᠨ ᠵᠢᠩ      ᠵᠠ᠃ ︽ᠡᠩ ᠤᠨ ᠤᠯᠤᠰ ᠮᠤᠵᠢ ᠶᠢᠨ ᠵᠠᠮ ᠤᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ︾ ᠭᠡᠳᠡᠭ ᠨᠢ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠴᠢᠬᠤᠯᠠ ᠪᠦᠬᠦᠢ ᠵᠠᠮ ᠬᠠᠷᠢᠯᠴᠠᠭᠠᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠬᠠᠩᠭᠠᠬᠤ ᠶᠢᠨ ᠲᠥᠯᠥᠭᠡ᠂ ᠳᠡᠭᠡᠳᠦ ᠬᠤᠷᠳᠤ ᠶᠢᠨ ᠵᠠᠰᠠᠮᠠᠯ ᠵᠠᠮ ᠠᠴᠠ ᠭᠠᠳᠠᠨᠠᠬᠢ ᠡᠩ ᠤᠨ ᠤᠯᠤᠰ ᠤᠨ ᠵᠠᠮ ᠪᠠ ᠮᠤᠵᠢ ᠶᠢᠨ ᠵᠠᠮ ᠤᠨ ᠭᠤᠣᠯ ᠱᠤᠭᠤᠮ ᠤᠨ ᠵᠠᠰᠠᠮᠠᠯ ᠵᠠᠮ ᠤᠨ ᠬᠤᠶᠠᠷ ᠬᠠᠵᠠᠭᠤ ᠪᠠᠷ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠶᠡᠷᠦᠩᠬᠡᠶ ᠳᠤ ᠨᠢ ︽ᠡᠩ ᠤᠨ ᠤᠯᠤᠰ ᠮᠤᠵᠢ ᠶᠢᠨ ᠵᠠᠮ ᠤᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ︾ ᠭᠡᠵᠦ ᠨᠡᠷᠡᠶᠢᠳᠬᠦ ᠶᠢ ᠵᠢᠭᠠᠵᠤ ᠪᠠᠶᠢᠨ᠎ᠠ᠃ ᠲᠡᠭᠡᠪᠡᠯ ᠶᠠᠭᠤᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠬᠤ ᠪᠣᠶ︖ ᠣᠯᠠᠨ ᠤ ᠮᠡᠳᠡᠭᠡᠵᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠪᠠᠶᠢᠳᠠᠭ᠂ ᠵᠡᠭᠦᠨᠰᠢ ᠪᠠᠷᠠᠭᠤᠨᠰᠢ ᠰᠢᠯᠤᠭᠤᠨ ᠱᠤᠭᠤᠮ ᠤᠨ ᠵᠠᠶ ᠨᠢ 2400 ᠺᠢᠯᠣᠮᠧᠲᠷ᠂ ᠡᠮᠦᠨᠡᠰᠢ ᠤᠮᠠᠷᠠᠰᠢ ᠶᠢᠨ ᠠᠯᠭᠠᠰᠠᠯ ᠨᠢ 1700 ᠺᠢᠯᠣᠮᠧᠲᠷ ᠪᠠᠶᠢᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠰᠤᠨᠳᠠᠯᠠᠵᠤ᠂ ᠶᠡᠷᠦᠩᠬᠡᠶ ᠲᠠᠯᠠᠪᠠᠶ ᠨᠢ 118.3 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠭᠠᠵᠠᠷ ᠠᠭᠤᠳᠠᠮ ᠬᠥᠮᠦᠨ ᠴᠥᠭᠡᠨ᠂ ᠡᠯ᠎ᠡ ᠭᠠᠵᠠᠷ ᠣᠷᠣᠨ ᠤ ᠣᠷᠴᠢᠨ ᠲᠣᠭᠤᠷᠢᠨ ᠤ ᠵᠥᠷᠢᠶ᠎ᠡ ᠨᠢ ᠴᠦ ᠬᠠᠷᠢᠴᠠᠩᠭᠤᠶ ᠨᠡᠯᠢᠶᠡᠳ ᠶᠡᠭᠡ ᠪᠠᠶᠢᠵᠤ᠂ ᠥᠷᠭᠡᠨ ᠠᠭᠤᠳᠠᠮ ᠰᠦᠷᠯᠢᠭ ᠰᠠᠶᠢᠬᠠᠨ ᠡᠯᠡᠰᠦᠨ ᠴᠥᠯ ᠪᠠᠶᠢᠬᠤ ᠮᠥᠷᠲᠡᠭᠡᠨ ᠪᠠᠰᠠ ᠲᠠᠴᠢᠷ ᠨᠢᠮᠭᠡᠨ ᠵᠤᠵᠠᠭᠠᠨ ᠭᠤᠪᠢ ᠨᠤᠲᠤᠭ ᠪᠠᠶᠢᠬᠤ ᠪᠥᠭᠡᠳ ᠬᠥᠪᠡᠭᠡ ᠬᠢᠵᠠᠭᠠᠷ ᠨᠢ ᠬᠠᠷᠠᠭᠳᠠᠬᠤ ᠦᠭᠡᠶ ᠲᠠᠯ᠎ᠠ ᠨᠤᠲᠤᠭ ᠲᠠᠢ ᠪᠠᠶᠢᠵᠤ᠂ ᠵᠠᠰᠠᠮᠠᠯ ᠵᠠᠮ ᠤᠨ ᠲᠣᠣᠷ ᠤᠨ ᠨᠢᠭᠲᠠᠴᠠ ᠨᠢ ᠴᠦ ᠬᠠᠷᠢᠴᠠᠩᠭᠤᠶ ᠪᠠᠷ ᠨᠡᠯᠢᠶᠡᠳ ᠳᠣᠣᠷ᠎ᠠ ᠪᠠᠶᠢᠵᠤ᠂ ᠵᠠᠰᠠᠮᠠᠯ ᠵᠠᠮ ᠳᠠᠭᠠᠤ ᠬᠤᠲᠠ ᠪᠠᠯᠭᠠᠰᠤ ᠨᠡᠯᠢᠶᠡᠳ ᠬᠤᠯᠠ ᠲᠥᠪᠯᠡᠷᠡᠵᠦ ᠪᠠᠶᠢᠨ᠎ᠠ᠃ ᠠᠵᠤ ᠠᠬᠤᠶ ᠨᠡᠶᠢᠭᠡᠮ ᠤᠨ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠠᠷᠠᠳ ᠣᠯᠠᠨ ᠤ ᠶᠠᠪᠤᠵᠤ ᠰᠠᠭᠤᠬᠤ ᠨᠢ ᠴᠦ ᠤᠯᠠᠮ ᠣᠯᠠᠰᠢᠷᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠣᠯᠪᠠᠰᠤᠷᠠᠩᠭᠤᠶ ᠪᠣᠯᠤᠭᠰᠠᠨ ᠦᠢᠯᠡᠴᠢᠯᠡᠭᠡᠨ ᠤ ᠲᠣᠭᠤᠷᠢᠭ᠂ ᠲᠡᠷᠭᠡ ᠵᠣᠭᠰᠣᠬᠤ ᠲᠣᠭᠤᠷᠢᠭ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢᠨ ᠰᠢᠰᠲ᠋ᠧᠮ ᠲᠠᠢ ᠬᠠᠷᠢᠴᠠᠭᠤᠯᠪᠠᠯ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠳᠡᠭᠡᠷᠡᠬᠢ ᠦᠢᠯᠡᠴᠢᠯᠡᠭᠡᠨ ᠤ ᠲᠥᠬᠦᠭᠡᠷᠦᠮᠵᠢ ᠬᠠᠷᠢᠴᠠᠩᠭᠤᠶ ᠪᠠᠷ ᠨᠡᠯᠢᠶᠡᠳ ᠴᠥᠭᠡᠨ ᠪᠠᠶᠢᠵᠤ᠂ ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠤᠯᠠᠨ ᠨᠡᠶᠢᠲᠡ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠵᠠᠰᠠᠮᠠᠯ ᠵᠠᠮ ᠤᠨ ᠠᠶᠠᠨ ᠵᠠᠮ ᠤᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠲᠥᠯᠥᠭᠡ᠂ 2016 ᠣᠨ ᠠᠴᠠ ᠡᠬᠢᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠤᠨ ᠶᠠᠮᠤᠨ ᠤ ᠵᠠᠰᠠᠮᠠᠯ ᠵᠠᠮ ᠤᠨ ᠲᠣᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠥᠪᠥᠷ ᠮᠣᠩᠭᠤᠯ ᠨᠢ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠳᠡᠭᠡᠷ᠎ᠡ ᠦᠢᠯᠡᠴᠢᠯᠡᠭᠡᠨ ᠤ ᠲᠥᠬᠦᠭᠡᠷᠦᠮᠵᠢ ᠪᠠᠶᠢᠭᠤᠯᠬᠤ ᠪᠠᠷ ᠭᠠᠷᠳᠠᠵᠠᠢ᠃ ﹇2020-08-14 14᠄ 33᠄ 53﹈      ᠬᠥᠲᠥᠯᠥᠭᠴᠢ᠄      ᠮᠠᠨ ᠤ ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠳᠤ ᠭᠤᠤᠯᠳᠠᠭᠤ ᠬᠡᠳᠦᠨ ᠵᠦᠢᠯ ᠤᠨ ᠬᠡᠯᠪᠡᠷᠢ ᠪᠠᠶᠢᠳᠠᠭ ᠪᠣᠢ᠂ ᠲᠣᠰ ᠲᠣᠰ ᠮᠠᠨ ᠤ ᠣᠯᠠᠨ ᠨᠡᠶᠢᠲᠡ ᠳᠤ ᠶᠠᠮᠠᠷ  ᠦᠢᠯᠡᠴᠢᠯᠡᠭᠡ ᠬᠠᠩᠭᠠᠬᠤ ᠪᠣᠶ︖ ﹇2020 - 08 - 14 14᠄ 35᠄ 53﹈      ᠬᠦᠯᠢᠶᠡᠭᠴᠢ᠄ ᠶᠦᠨ ᠸᠧᠨ ᠵᠢᠩ      ᠮᠠᠨ ᠤ ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠦᠢᠯᠡᠴᠢᠯᠡᠭᠡᠨ ᠤ ᠴᠢᠳᠠᠮᠵᠢ ᠪᠠᠷ ᠨᠢ ᠭᠤᠷᠪᠠᠨ ᠵᠦᠢᠯ ᠤᠨ ᠬᠡᠯᠪᠡᠷᠢ ᠪᠠᠷ ᠬᠤᠪᠢᠶᠠᠵᠤ ᠪᠣᠯᠤᠨ᠎ᠠ᠄ ᠨᠢᠭᠡᠳᠦᠭᠡᠷ ᠵᠦᠢᠯ ᠨᠢ ᠦᠢᠯᠡᠴᠢᠯᠡᠭᠡᠨ ᠤ ᠲᠣᠭᠤᠷᠢᠭ ᠪᠣᠯᠤᠨ᠎ᠠ᠃ ᠦᠢᠯᠡᠴᠢᠯᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠳᠤ ᠭᠤᠣᠯᠯᠠᠭᠴᠢ ᠦᠢᠯᠡᠳᠦᠯ ᠦᠵᠡᠭᠦᠯᠦᠨ᠎ᠡ᠂ ᠭᠤᠣᠯᠳᠠᠭᠤ ᠨᠠᠭᠠᠰᠢ ᠴᠠᠭᠠᠰᠢ ᠶᠠᠪᠤᠬᠤ ᠤᠯᠠᠨ ᠲᠦᠮᠡᠨ ᠳᠤ ᠠᠮᠠᠷᠠᠬᠤ᠂ ᠲᠡᠷᠭᠡ ᠵᠣᠭᠰᠣᠭᠠᠬᠤ᠂ ᠵᠣᠷᠯᠣᠩ᠂ ᠬᠠᠯᠠᠭᠤᠨ ᠤᠰᠤ᠂ ᠮᠡᠳᠡᠭᠡ ᠵᠠᠩᠭᠢ᠂ ᠬᠡᠳᠦ ᠳᠡᠯᠭᠡᠭᠦᠷ ᠵᠡᠷᠭᠡ ᠦᠨᠳᠦᠰᠦᠨ ᠦᠢᠯᠡᠴᠢᠯᠡᠭᠡᠨ ᠤ ᠴᠢᠳᠠᠮᠵᠢ ᠶᠢ ᠬᠠᠩᠭᠠᠵᠤ᠂ ᠡᠭᠦᠨ ᠤ ᠬᠠᠮᠲᠤ ᠬᠡᠰᠡᠭ ᠦᠢᠯᠡᠴᠢᠯᠡᠭᠡᠨ ᠤ ᠲᠣᠭᠤᠷᠢᠭ ᠲᠤ ᠪᠠᠰᠠ ᠦᠵᠡᠮᠵᠢ ᠰᠣᠨᠢᠷᠬᠠᠬᠤ᠂ ᠬᠤᠭᠤᠯᠠ ᠤᠮᠳᠠ᠂ ᠵᠢᠭᠤᠯᠴᠢᠯᠠᠯ᠂ ᠭᠡᠷᠲᠥ ᠲᠡᠷᠭᠡ ᠶᠢᠨ ᠪᠠᠭᠤᠴᠠ ᠂ ᠴᠠᠬᠢᠯᠭᠠᠨ ᠴᠡᠨᠡᠭᠯᠡᠬᠦ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡ ᠶᠢ ᠥᠷᠭᠡᠳᠬᠡᠪᠡ︔ ᠬᠤᠶᠠᠳᠤᠭᠠᠷ ᠵᠦᠢᠯ ᠨᠢ ᠲᠡᠷᠭᠡ ᠵᠣᠭᠰᠣᠬᠤ ᠲᠣᠭᠤᠷᠢᠭ ᠪᠣᠯᠤᠨ᠎ᠠ᠃ ᠭᠤᠤᠯᠳᠠᠭᠤ ᠵᠢᠯᠣᠭᠤᠴᠢ ᠶᠢᠨ ᠶᠠᠳᠠᠷᠠᠭ᠎ᠠ ᠶᠢ ᠬᠥᠩᠭᠡᠷᠡᠭᠦᠯᠵᠦ᠂ ᠵᠢᠯᠤᠭᠤᠴᠢ ᠪᠠ ᠠᠶᠠᠨᠴᠢᠳ ᠤᠨ ᠲᠡᠷᠭᠡ ᠵᠣᠭᠰᠣᠭᠠᠬᠤ᠂ ᠵᠣᠷᠯᠣᠩ ᠳᠤ ᠣᠷᠤᠬᠤ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ︔ ᠭᠤᠷᠪᠠᠳᠤᠭᠠᠷ ᠵᠦᠢᠯ ᠨᠢ ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠬᠦ ᠪᠣᠯᠤᠨ᠎ᠠ᠃ ᠭᠤᠤᠯᠳᠠᠭᠤ ᠣᠲᠣ ᠶᠢᠨ ᠪᠠᠶᠢᠭ᠎ᠠ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ᠂ ᠵᠠᠮ ᠤᠨ ᠠᠩᠭᠢ ᠵᠡᠷᠭᠡ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠶᠢ ᠠᠰᠢᠭᠯᠠᠨ᠂ ᠬᠠᠭᠤᠴᠢᠨ ᠲᠥᠬᠦᠭᠡᠷᠦᠮᠵᠢ ᠶᠢ ᠤᠯᠠᠮ ᠨᠢᠭᠡ ᠠᠯᠬᠤᠮ ᠥᠭᠡᠷᠡᠴᠢᠯᠡᠨ ᠰᠣᠯᠢᠵᠤ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠶᠠᠪᠤᠵᠤ ᠰᠠᠭᠤᠬᠤ ᠳᠤ ᠵᠣᠷᠯᠣᠩ ᠳᠤ ᠣᠷᠤᠬᠤ᠂ ᠮᠡᠳᠡᠭᠡ ᠵᠠᠩᠭᠢ᠂ ᠬᠠᠯᠠᠭᠤᠨ ᠤᠰᠤ᠂ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠢᠯ᠂ ᠲᠡᠷᠭᠡ ᠬᠥᠰᠬᠡ ᠰᠡᠯᠪᠢᠨ ᠵᠠᠰᠠᠬᠤ ᠪᠠᠭᠠᠵᠢ ᠬᠡᠷᠡᠭᠰᠡᠯ᠂ ᠴᠠᠬᠢᠯᠭᠠᠨ ᠴᠡᠨᠡᠭᠯᠡᠬᠦ ᠵᠡᠷᠭᠡ ᠨᠠᠷᠢᠯᠢᠭ ᠦᠢᠯᠡᠴᠢᠯᠡᠭᠡ ᠶᠢ ᠬᠠᠩᠭᠠᠨ᠎ᠠ᠃ ﹇2020 - 08 - 14 14᠄ 36᠄ 53﹈         ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠦᠢᠯᠡᠴᠢᠯᠡᠭᠡᠨ ᠤ ᠲᠥᠬᠦᠭᠡᠷᠦᠮᠵᠢ ᠶᠢᠨ ᠬᠠᠩᠭᠠᠭᠰᠠᠨ ᠨᠠᠷᠢᠯᠢᠭᠵᠢᠭᠤᠯᠤᠭᠰᠠᠨ ᠦᠢᠯᠡᠴᠢᠯᠡᠭᠡ ᠨᠢ ᠮᠠᠨ ᠤ ᠣᠯᠠᠨ ᠨᠡᠶᠢᠲᠡ ᠶᠢᠨ ᠶᠠᠪᠤᠵᠤ ᠰᠠᠭᠤᠬᠤ ᠬᠡᠷᠡᠭᠴᠡᠭᠡ ᠶᠢ ᠮᠠᠰᠢ ᠶᠡᠭᠡ ᠬᠡᠮᠵᠢᠶ᠎ᠡ ᠪᠠᠷ ᠬᠠᠩᠭᠠᠵᠤ ᠪᠠᠶᠢᠨ᠎ᠠ᠂ ᠮᠢᠨᠦ ᠪᠤᠳᠤᠬᠤ ᠪᠠᠷ ᠮᠠᠨ ᠤ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠶᠡᠭᠡ ᠪᠠᠷ ᠪᠥᠲᠥᠭᠡᠨ ᠪᠠᠶᠢᠭᠤᠯᠬᠤ ᠪᠠᠷ ᠳᠠᠮᠵᠢᠭᠤᠯᠤᠨ ᠪᠠᠰᠠ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ﹇2020-08-14 14᠄ 40᠄ 53﹈ ﹇2020-08-14 14᠄ 40᠄ 53﹈      ᠬᠦᠯᠢᠶᠡᠭᠴᠢ᠄ ᠶᠦᠨ ᠸᠧᠨ ᠵᠢᠩ        ᠲᠡᠶᠢᠮᠦ ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢ ︽ᠪᠥᠬᠦ ᠤᠯᠤᠰ ᠤᠨ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ︾ ᠶᠢ ᠨᠡᠶᠢᠲᠡᠯᠡᠵᠦ᠂ ᠲᠥᠯᠥᠪᠵᠢᠭᠦᠯᠭᠡ ᠳᠤ ᠪᠥᠬᠦ ᠤᠯᠤᠰ ᠤᠨ ᠬᠡᠪᠴᠢᠶᠡᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠶᠡᠭᠡ ᠪᠠᠷ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃ ᠥᠪᠥᠷ ᠮᠣᠩᠭᠤᠯ ᠨᠢ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠠᠷᠠᠳ ᠣᠯᠠᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠮ ᠬᠠᠷᠢᠯᠴᠠᠭ᠎ᠠ ᠶᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢ ᠪᠠᠲᠤ ᠡᠵᠡᠮᠰᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ︾ ᠪᠠ ︽ᠳᠥᠷᠪᠡᠨ ᠵᠠᠮ ᠬᠠᠷᠢᠯᠴᠠᠭ᠎ᠠ︾ ᠶᠢ ᠪᠥᠬᠦ ᠲᠠᠯ᠎ᠠ ᠪᠠᠷ ᠪᠠᠶᠢᠷᠢᠰᠢᠭᠤᠯᠬᠤ ᠶᠢᠨ ᠲᠣᠭᠤᠷᠢᠨ ᠳᠤ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢ ᠵᠠᠰᠠᠮᠠᠯ ᠵᠠᠮ ᠤᠨ ᠦᠢᠯᠡᠰ ᠤᠨ ᠰᠢᠨ᠎ᠡ ᠬᠡᠰᠡᠭ ᠪᠣᠯᠭᠠᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠪᠠ ᠡᠵᠡᠩᠨᠡᠯᠲᠡ ᠶᠢᠨ ᠵᠠᠷᠤᠳᠠᠯ ᠢ ᠢᠳᠡᠪᠬᠢᠲᠡᠶ ᠪᠡᠯᠡᠳᠬᠡᠵᠦ᠂ ᠨᠢᠭᠡ ᠪᠦᠯᠦᠭ ᠬᠠᠲᠠᠭᠤ ᠬᠡᠷᠡᠭᠰᠡᠯ ᠤᠨ ᠰᠠᠭᠤᠷᠢ ᠪᠠᠷ ᠰᠠᠶᠢᠨ᠂ ᠦᠢᠯᠡᠴᠢᠯᠡᠭᠡᠨ ᠤ ᠴᠢᠳᠠᠪᠤᠷᠢ ᠪᠠᠷ ᠴᠢᠩᠭ᠎ᠠ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠤᠨ ᠪᠦᠲᠦᠭᠡᠵᠦ᠂ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ 2016 ᠣᠨ ᠠᠴᠠ ᠨᠠᠭᠠᠰᠢ᠂ ᠪᠥᠬᠦ ᠣᠷᠣᠨ ᠳᠤ ᠨᠡᠶᠢᠲᠡ 292 ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠵᠤ ᠳᠠᠭᠤᠰᠬᠠᠪᠠ᠂ ᠡᠭᠦᠨ ᠳᠤ 57 ᠦᠢᠯᠡᠴᠢᠯᠡᠭᠡᠨ ᠤ ᠲᠣᠭᠤᠷᠢᠭ ᠢ ᠰᠢᠨ᠎ᠡ ᠪᠠᠷ ᠪᠠᠶᠢᠭᠤᠯᠵᠤ᠂ 55 ᠲᠡᠷᠭᠡ ᠵᠣᠭᠰᠤᠬᠤ ᠲᠣᠭᠤᠷᠢᠭ ᠢ ᠰᠢᠨ᠎ᠡ ᠪᠠᠷ ᠪᠠᠶᠢᠭᠤᠯᠵᠤ᠂ 180 ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠪᠡ᠃ ᠡᠨᠡ ᠵᠢᠯ᠂ ᠮᠠᠨ ᠤ ᠣᠷᠣᠨ ᠨᠢ 59 ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠡᠭᠦᠨ ᠳᠤ 4 ᠦᠢᠯᠡᠴᠢᠯᠡᠭᠡᠨ ᠤ ᠲᠣᠭᠤᠷᠢᠭ ᠢ ᠰᠢᠨ᠎ᠡ ᠪᠠᠷ ᠪᠠᠶᠢᠭᠤᠯᠵᠤ᠂ 19 ᠲᠡᠷᠭᠡ  ᠵᠣᠭᠰᠤᠬᠤ ᠲᠣᠭᠤᠷᠢᠭ ᠢ ᠰᠢᠨ᠎ᠡ ᠪᠠᠷ ᠪᠠᠶᠢᠭᠤᠯᠵᠤ᠂ 36 ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠪᠡ᠃ ﹇2020-08-14 14᠄ 41᠄ 53﹈      ᠬᠥᠲᠥᠯᠥᠭᠴᠢ᠄      ᠶᠦᠨ ᠲᠢᠩᠭᠢᠮ ᠤᠨ ᠳᠠᠷᠤᠭ᠎ᠠ ᠡ᠂ ᠰᠠᠶ᠋ᠢ ᠲᠠ ᠪᠠᠰᠠ ᠲᠤᠷᠠᠳᠤᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠥᠬᠦ ᠣᠷᠣᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠨᠡᠶᠢᠲᠡ 351 ᠪᠦᠲᠦᠭᠡᠨ ᠪᠠᠶᠢᠭᠤᠯᠤᠨ᠎ᠠ᠂ ᠬᠡᠷᠡᠭᠵᠢᠭᠦᠯᠬᠦ ᠶᠠᠪᠤᠴᠠ ᠳᠤ᠂ ᠪᠢᠳᠡ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ﹇2020-08-14 14 ᠄ 43᠄ 53﹈      ᠬᠦᠯᠢᠶᠡᠭᠴᠢ᠄ ᠶᠦᠨ ᠸᠧᠨ ᠵᠢᠩ      ᠲᠡᠶᠢᠮᠦ ᠡ᠃ ᠵᠢᠱᠢᠯᠲᠡ ᠪᠠᠷ ᠡᠨᠡ ᠵᠢᠯ ᠤᠨ ᠡᠴᠦᠰ ᠪᠣᠯᠬᠤ ᠳᠤ᠂ 59 ᠦᠢᠯᠡᠴᠢᠯᠡᠭᠡᠨ ᠤ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ᠂ ᠮᠠᠨ ᠤ ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠨᠢ 351 ᠬᠦᠷᠴᠦ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠶᠠᠪᠤᠵᠤ ᠰᠠᠭᠤᠬᠤ ᠦᠢᠯᠡᠴᠢᠯᠡᠭᠡᠨ ᠤ ᠲᠦᠪᠰᠢᠨ ᠢ ᠲᠦᠢᠯ ᠤᠨ ᠶᠡᠭᠡ ᠪᠠᠷ  ᠳᠡᠭᠡᠭᠰᠢᠯᠡᠭᠦᠯᠦᠨ᠎ᠡ᠃ ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ ᠂ ᠣᠷᠣᠨ ᠪᠦᠰᠡ ᠶᠢᠨ ᠰᠣᠶᠣᠯ ᠡᠯᠪᠡᠭ ᠪᠠᠶᠠᠯᠢᠭ ᠪᠣᠯᠬᠤᠷ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠰᠠᠶᠢᠲᠤᠷ ᠪᠠᠶᠢᠭᠤᠯᠬᠤ ᠳᠤ᠂ ᠭᠠᠵᠠᠷ ᠣᠷᠣᠨ ᠤ ᠣᠨᠴᠠᠯᠢᠭ ᠵᠢᠴᠢ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠤ ᠬᠡᠷᠡᠭᠲᠡᠶ᠄ ᠡᠩ ᠲᠡᠷᠢᠭᠦᠨ ᠳᠤ ᠭᠠᠵᠠᠷ ᠰᠢᠷᠣᠶ ᠬᠡᠷᠡᠭᠯᠡᠬᠦ ᠠᠰᠠᠭᠤᠳᠠᠯ ᠢ ᠠᠮᠢᠳᠤᠯᠢᠭ ᠢᠶᠠᠷ ᠰᠢᠢᠳᠪᠦᠷᠢᠯᠡᠬᠦ ᠬᠡᠷᠡᠭᠲᠡᠶ᠃ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠱᠠᠲᠤ ᠦᠶ᠎ᠡ ᠶᠢᠨ ᠰᠢᠨ᠎ᠡ ᠡᠭᠦᠷᠭᠡ ᠪᠣᠯᠤᠭᠰᠠᠨ ᠤ ᠬᠤᠪᠢ ᠳᠤ᠂ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢ ᠨᠡᠯᠢᠶᠡᠳ ᠪᠠᠭᠤᠷᠠᠶ ᠪᠠᠶᠢᠵᠤ᠂ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠤᠷᠰᠢᠯᠭ᠎ᠠ ᠴᠥᠮ ᠨᠡᠯᠢᠶᠡᠳ ᠳᠤᠲᠠᠮᠠᠭ᠂ ᠬᠡᠷᠡᠭᠵᠢᠭᠦᠯᠬᠦ ᠶᠠᠪᠤᠴᠠ ᠳᠤ ᠭᠠᠵᠠᠷ ᠰᠢᠷᠣᠶ ᠲᠠᠲᠠᠪᠤᠷᠢᠯᠠᠬᠤ᠂ ᠪᠠᠯᠠ ᠮᠥᠩᠭᠦ᠂ ᠡᠵᠡᠩᠨᠡᠯᠲᠡ ᠵᠡᠷᠭᠡ ᠬᠦᠴᠦᠨ ᠵᠦᠢᠯ ᠠᠴᠠ ᠪᠣᠯᠵᠣ᠂ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠡᠶᠢᠮᠦ ᠠᠴᠠ᠂ ᠮᠠᠨ ᠤ ᠣᠷᠣᠨ ᠦᠢᠯᠡᠴᠢᠯᠡᠭᠡᠨ ᠤ ᠲᠥᠬᠦᠭᠡᠷᠦᠮᠵᠢ ᠶᠢᠨ ︽ᠪᠠᠶᠢᠭᠤᠯᠬᠤ ᠪᠣᠯᠭᠠᠨ ᠢ ᠵᠠᠪᠠᠯ ᠲᠠᠲᠠᠪᠤᠷᠢᠯᠠᠬᠤ︾ ᠤᠤᠯ ᠤᠨ ᠰᠡᠳᠬᠢᠬᠦᠶ ᠶᠢ ᠡᠪᠳᠡᠵᠦ᠂ ᠣᠲᠣ ᠶᠢᠨ ᠪᠠᠶᠢᠭ᠎ᠠ ᠵᠠᠰᠠᠮᠠᠯ ᠵᠠᠮ ᠤᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠭᠠᠵᠠᠷ ᠰᠢᠷᠣᠶ ᠲᠠᠲᠠᠪᠤᠷᠢᠯᠠᠬᠤ ᠠᠰᠠᠭᠤᠳᠠᠯ ᠢ ᠠᠮᠢᠳᠤᠯᠢᠭ ᠢᠶᠠᠷ ᠰᠢᠢᠳᠪᠦᠷᠢᠯᠡᠨ᠎ᠡ᠃ ᠥᠷᠭᠡᠨ ᠢᠶᠠᠷ ᠪᠠᠶᠢᠴᠠᠭᠠᠯᠲᠠ ᠬᠢᠵᠦ᠂ ᠭᠦᠢᠴᠡᠳ ᠨᠤᠲᠠᠯᠠᠯᠲᠠ ᠬᠢᠬᠦ ᠪᠠᠷ ᠳᠡᠮᠵᠢᠨ᠂ ᠮᠠᠨ ᠤ ᠣᠷᠣᠨ ᠤ ᠵᠠᠰᠠᠮᠠᠯ ᠵᠠᠮ ᠳᠠᠭᠠᠤ ᠶᠢᠨ ᠪᠠᠶᠢᠭᠠᠯᠢ ᠶᠢᠨ ᠨᠥᠬᠦᠴᠡᠯ᠂ ᠮᠡᠷᠭᠡᠵᠢᠯ ᠤᠨ ᠨᠥᠬᠦᠴᠡᠯ᠂ ᠵᠠᠮ ᠬᠠᠷᠢᠯᠴᠠᠭᠠᠨ ᠤ ᠴᠤᠪᠤᠷᠠᠯ ᠤᠨ ᠬᠡᠮᠵᠢᠶ᠎ᠡ᠂ ᠬᠤᠲᠠ ᠪᠠᠯᠭᠠᠰᠤ ᠶᠢᠨ ᠲᠠᠷᠬᠠᠯᠲᠠ ᠪᠣᠯᠤᠨ ᠤᠯᠠᠨ ᠲᠦᠮᠡᠨ ᠤ ᠶᠠᠪᠤᠵᠤ ᠰᠠᠭᠤᠬᠤ ᠣᠨᠴᠠᠯᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ᠂ ᠴᠢᠳᠠᠮᠵᠢ ᠪᠦᠷᠢᠨ ᠭᠦᠢᠴᠡᠳ ᠬᠠᠩᠭᠠᠬᠤ ᠨᠡᠶᠢᠳᠡ ᠶᠢᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢᠨ ᠳᠡᠭᠡᠷ᠎ᠡ᠂ ᠪᠦᠬᠦ ᠣᠷᠣᠨ ᠤ ᠶᠡᠬᠡᠩᠬᠢ ᠬᠡᠰᠡᠭ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠦᠭᠦᠭᠡᠷᠦᠮᠵᠢ ᠶᠢ ᠪᠣᠯ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ᠂ ᠵᠠᠮ ᠤᠨ ᠠᠩᠭᠢ ᠵᠡᠷᠭᠡ ᠰᠤᠯᠠ ᠬᠡᠷᠡᠭᠯᠡᠬᠦ ᠭᠠᠵᠠᠷ ᠳᠡᠭᠡᠷ᠎ᠡ ᠪᠦᠳᠦᠭᠡᠨ ᠪᠠᠶᠢᠭᠤᠯᠤᠭᠰᠠᠨ ᠶᠤᠮ᠃ ᠢᠩᠭᠢᠪᠡᠯ ᠣᠯᠠᠨ ᠨᠡᠶᠢᠲᠡ ᠶᠢᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ ᠴᠢᠳᠠᠬᠤ ᠮᠥᠷᠲᠡᠭᠡᠨ ᠪᠠᠰᠠ ᠨᠢᠭᠡᠳᠦᠭᠡᠷ ᠹᠷᠣᠨᠲ ᠤᠨ ᠵᠠᠮ ᠠᠷᠠᠴᠢᠯᠠᠬᠤ ᠠᠵᠢᠯᠴᠢᠨ ᠤ ᠠᠵᠢᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ ᠴᠢᠳᠠᠬᠤ ᠪᠥᠭᠡᠳ ᠪᠠᠷᠢᠯᠭ᠎ᠠ ᠶᠢᠨ ᠭᠠᠵᠠᠷ ᠢ ᠰᠣᠩᠭᠤᠬᠤ ᠳᠤ ᠴᠤ ᠰᠢᠨ᠎ᠡ ᠪᠠᠷ ᠭᠠᠵᠠᠷ ᠲᠠᠲᠠᠪᠤᠷᠢᠯᠠᠨ ᠬᠡᠷᠡᠭᠯᠡᠬᠦ ᠴᠢᠬᠤᠯᠠ ᠥᠬᠡᠶ ᠪᠠᠶᠢᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠦᠢᠯᠡᠴᠢᠯᠡᠭᠡᠨ ᠤ ᠲᠥᠬᠦᠭᠡᠷᠦᠮᠵᠢ ᠶᠢ ᠠᠷᠠᠳ ᠲᠦᠮᠡᠨ ᠳᠤ ᠦᠢᠯᠡᠴᠢᠯᠡᠬᠦ ᠳᠤ ᠲᠦᠷᠭᠡᠨ ᠢᠶᠠᠷ ᠣᠷᠣᠯᠴᠠᠭᠤᠯᠵᠤ ᠴᠢᠳᠠᠬᠤ ᠪᠣᠯᠤᠨ᠎ᠠ᠃ ᠵᠠᠰᠠᠮᠠᠯ ᠵᠠᠮ ᠳᠠᠭᠠᠤ ᠶᠢᠨ ᠦᠢᠯᠡᠴᠢᠯᠡᠭᠡ ᠬᠠᠩᠭᠠᠬᠤ ᠲᠠᠯ᠎ᠠ ᠪᠠᠷ᠂ ᠪᠠᠰᠠ ᠶᠡᠷᠦᠩᠬᠡᠶ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠦᠢᠯᠡᠴᠢᠯᠡᠭᠡᠨ ᠤ ᠲᠦᠭᠦᠭᠡᠷᠦᠮᠵᠢ ᠶᠢᠨ ᠲᠥᠷᠥᠯ ᠬᠡᠯᠪᠡᠷᠢ᠂ ᠴᠢᠳᠠᠮᠵᠢ᠂ ᠣᠷᠣᠨ ᠵᠠᠶ ᠶᠢᠨ ᠪᠠᠶᠢᠷᠢᠰᠢᠭᠤᠯᠤᠯ ᠪᠠ ᠶᠡᠷᠦᠩᠬᠡᠶ ᠬᠡᠮᠵᠢᠶ᠎ᠡ ᠶᠢᠨ ᠬᠡᠪᠴᠢᠶ᠎ᠡ ᠶᠢ ᠵᠦᠶ ᠵᠣᠬᠢᠰᠲᠠᠶ ᠡᠵᠡᠮᠳᠡᠵᠦ᠂ ᠦᠢᠯᠡᠴᠢᠯᠡᠭᠡᠨ ᠤ ᠲᠣᠭᠤᠷᠢᠭ᠂ ᠲᠡᠷᠭᠡ ᠵᠣᠭᠰᠣᠬᠤ ᠲᠣᠭᠤᠷᠢᠭ᠂ ᠦᠢᠯᠡᠴᠢᠯᠡᠭᠡᠨ ᠤ ᠲᠦᠭᠦᠭᠡᠷᠦᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠳᠤ ᠦᠢᠯᠡᠴᠢᠯᠡᠭᠡᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠢᠭᠡᠳ ᠨᠢᠭᠡ ᠪᠠᠷ ᠲᠣᠭᠲᠠᠭᠠᠵᠤ᠂ ᠬᠠᠩᠭᠠᠯᠭ᠎ᠠ ᠬᠡᠷᠡᠭᠴᠡᠭᠡ ᠶᠢ ᠠᠯᠢ ᠴᠢᠳᠠᠬᠤ ᠪᠠᠷ ᠳᠣᠭᠢᠷᠠᠭᠤᠯᠤᠨ᠂ ︽ᠶᠡᠭᠡ ᠳᠤ ᠰᠢᠨᠤᠵᠤ ᠬᠠᠷᠢ ᠶᠢᠨ ᠬᠢ ᠶᠢ ᠬᠥᠭᠡᠭᠡᠴᠡᠯᠳᠦᠬᠦ︾ ᠥᠬᠡᠶ ᠪᠠᠶᠢᠵᠤ᠂ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠨ᠎ᠡ᠃ ᠳᠠᠷᠠᠭᠠᠯᠠᠪᠠᠯ ᠦᠢᠯᠡᠴᠢᠯᠡᠭᠡᠨ ᠤ ᠲᠥᠬᠦᠭᠡᠷᠦᠮᠵᠢ ᠶᠢᠨ ᠭᠠᠵᠠᠷ ᠰᠣᠩᠭᠤᠬᠤ ᠳᠤ ᠥᠪᠥᠷ ᠮᠣᠩᠭᠤᠯ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠳᠤ ᠨᠢ ᠬᠠᠷᠠᠭᠠᠯᠵᠠᠭᠰᠠᠨ ᠪᠠᠶᠢᠨ᠎ᠠ᠃ ᠵᠠᠰᠠᠮᠠᠯ ᠵᠠᠮ ᠳᠠᠭᠠᠤ ᠶᠢᠨ ᠭᠤᠪᠢ᠂ ᠡᠯᠡᠰᠦ ᠮᠠᠩᠬ᠎ᠠ᠂ ᠲᠠᠯ᠎ᠠ ᠨᠤᠲᠤᠭ ᠵᠡᠷᠭᠡ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠦᠢᠯᠡᠴᠢᠯᠡᠭᠡᠨ ᠤ ᠲᠦᠭᠦᠭᠡᠷᠦᠮᠵᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠵᠠᠮ ᠤᠨ ᠲᠣᠤᠷ ᠤᠨ ᠪᠠᠶᠢᠷᠢᠰᠢᠭᠤᠯᠤᠯᠲᠠ ᠯᠤᠭ᠎ᠠ ᠬᠠᠷᠢᠯᠴᠠᠨ ᠤᠶᠠᠯᠳᠤᠭᠤᠯᠵᠤ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠡᠨᠡ ᠮᠡᠲᠦ ᠪᠠᠷ ᠵᠠᠮ ᠳᠠᠭᠠᠤ ᠶᠢᠨ ᠵᠢᠯᠣᠭᠤᠴᠢ ᠪᠠ ᠠᠶᠠᠨᠴᠢᠳ ᠨᠢ ᠲᠡᠷᠭᠡ ᠪᠠᠨ ᠵᠣᠭᠰᠣᠭᠠᠵᠤ ᠠᠮᠠᠷᠠᠨ᠂ ᠵᠢᠯᠣᠭᠤᠴᠢ ᠶᠢᠨ ᠶᠠᠳᠠᠷᠠᠭ᠎ᠠ ᠶᠢ ᠬᠥᠩᠭᠡᠷᠡᠭᠦᠯᠵᠦ ᠪᠣᠯᠬᠤ ᠮᠥᠷᠲᠡᠭᠡᠨ ᠪᠠᠰᠠ ᠮᠠᠨ ᠤ ᠥᠪᠥᠷ ᠮᠣᠩᠭᠤᠯ ᠤᠨ ᠥᠩᠭᠡ ᠢᠯᠭᠠᠷᠠᠭᠰᠠᠨ ᠥᠩᠭᠡ ᠦᠵᠡᠮᠵᠢ ᠶᠢ ᠰᠣᠨᠢᠷᠬᠠᠵᠤ᠂ ᠠᠶᠠᠨ ᠵᠠᠮ ᠤᠨ ᠰᠡᠳᠬᠢᠯ ᠰᠠᠨᠠᠭ᠎ᠠ ᠶᠢ ᠪᠠᠶᠠᠷ ᠪᠠᠶᠠᠰᠬᠤᠯᠠᠩ ᠲᠠᠢ ᠪᠣᠯᠭᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠴᠦ ᠳᠠᠶᠢᠴᠢᠯᠠᠭᠰᠠᠨ ᠪᠠᠶᠢᠨ᠎ᠠ᠃ ᠵᠢᠱᠢᠶᠡᠯᠡᠪᠡᠯ᠂ ᠮᠠᠨ ᠤ ᠣᠷᠣᠨ ᠤ ᠭᠠᠵᠠᠷ ᠣᠷᠣᠨ ᠤ ᠤᠨᠴᠠᠯᠢᠭᠳᠤ ᠪᠥᠲᠥᠭᠡᠨ ᠪᠠᠶᠢᠭᠤᠯᠤᠯᠲᠠ ᠶᠢ ᠬᠠᠮᠲᠤ ᠳᠤ ᠨᠢ ᠬᠠᠷᠠᠭᠠᠯᠵᠠᠭᠰᠠᠨ G209 ᠱᠤᠭᠤᠮ ᠤᠨ ᠭᠡᠭᠡᠨ ᠲᠠᠯ᠎ᠠ ᠦᠢᠯᠡᠴᠢᠯᠡᠭᠡᠨ ᠤ ᠲᠣᠭᠤᠷᠢᠭ᠂ ᠪᠠᠳᠠᠶ ᠶᠢᠨ ᠵᠢᠷᠠᠨ ᠤ ᠡᠯᠡᠰᠦᠨ ᠴᠥᠯ ᠤᠨ S218 ᠱᠤᠭᠤᠮ ᠤᠨ ᠰᠤᠬᠤᠨᠲᠤ ᠦᠢᠯᠡᠴᠢᠯᠡᠭᠡᠨ ᠤ ᠲᠣᠭᠤᠷᠢᠭ ᠵᠡᠷᠭᠡ ᠪᠣᠯᠤᠨ᠎ᠠ᠃ ᠪᠠᠰᠠ ᠨᠢᠭᠡ ᠨᠢ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠠᠮ ᠤᠨ ᠬᠡᠪ ᠨᠠᠮᠪᠠ ᠶᠢ ᠤᠮᠠᠷᠠᠲᠤ ᠬᠢᠯᠢ ᠶᠢᠨ ᠦᠨᠳᠦᠰᠦᠲᠡᠨ ᠤ ᠰᠣᠶᠣᠯ ᠤᠨ ᠣᠨᠴᠠᠯᠢᠭ ᠢ ᠳᠣᠪᠣᠶᠢᠯᠭᠠᠪᠠ᠃ ᠮᠠᠨ ᠤ ᠣᠷᠣᠨ ᠤ ᠴᠥᠭᠡᠨ ᠲᠣᠭᠠᠲᠤ ᠦᠨᠳᠦᠰᠦᠲᠡᠨ ᠣᠯᠠᠨ᠂ ᠠᠷᠠᠳ ᠤᠨ ᠵᠠᠩ ᠦᠢᠯᠡ ᠴᠦ ᠠᠳᠠᠯᠢ ᠪᠤᠰᠤ ᠪᠠᠶᠢᠳᠠᠭ᠂ ᠡᠶᠢᠮᠦ ᠠᠴᠠ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠦᠶ᠎ᠡ ᠳᠤ᠂ ᠵᠠᠰᠠᠮᠠᠯ ᠵᠠᠮ᠂ ᠮᠣᠩᠭᠤᠯ ᠶᠤᠸᠠᠨ ᠵᠡᠷᠭᠡ ᠭᠠᠵᠠᠷ ᠣᠷᠣᠨ ᠤ ᠰᠣᠶᠣᠯ ᠢ ᠠᠭᠤᠰᠬᠠᠨ ᠣᠷᠣᠭᠤᠯᠬᠤ ᠶᠢ ᠭᠦᠢᠴᠡᠳ ᠪᠣᠳᠣᠯᠬᠢᠯᠠᠭᠰᠠᠨ ᠶᠤᠮ᠃ ᠮᠣᠩᠭᠤᠯ ᠬᠢᠲᠠᠳ ᠬᠤᠣᠰ ᠬᠡᠯᠡᠨ ᠤ ᠫᠠᠶᠢᠰᠠ᠂ ᠰᠣᠶᠣᠯ ᠤᠨ ᠦᠵᠡᠬᠦᠯᠭᠡ ᠶᠢᠨ ᠰᠠᠮᠪᠠᠷ᠎ᠠ᠂ ᠱᠤᠭᠤᠮᠠᠯ ᠰᠡᠶᠢᠯᠦᠮᠡᠯ ᠤᠨ ᠳᠦᠷᠰᠦ ᠪᠦᠲᠦᠭᠡᠯᠲᠡ᠂ ᠴᠢᠮᠡᠭᠯᠡᠯ ᠤᠨ ᠬᠡ ᠤᠭᠠᠯᠵᠠ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠤ ᠣᠨᠴᠠᠯᠢᠭ ᠲᠠᠢ ︽ᠬᠤᠷᠴᠢᠨ ᠤ ᠠᠨᠳᠠᠢ ᠤᠷᠠᠯᠢᠭ ᠤᠨ ᠨᠤᠲᠤᠭ︾ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ︾ ︽ᠡᠵᠡᠨ᠎ᠡ ᠶᠢᠨ ᠲᠣᠣᠷᠠᠢ ᠶᠢᠨ ᠣᠶ︾ ︽ᠬᠥᠯᠥᠨ ᠪᠤᠶᠢᠷ ᠤᠨ ᠲᠠᠯ᠎ᠠ ᠨᠤᠲᠤᠭ︾ ᠵᠡᠷᠭᠡ ᠦᠵᠡᠮᠵᠢ ᠶᠢ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠠᠭᠰᠢᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠲᠡᠤᠬᠡ ᠭᠠᠵᠠᠷ ᠣᠷᠣᠨ ᠤ ᠰᠣᠶᠣᠯ ᠢ ᠭᠦᠢᠴᠡᠳ ᠳᠡᠯᠭᠡᠨ ᠦᠵᠡᠭᠦᠯᠵᠦ᠂ ᠮᠠᠨ ᠤ ᠣᠷᠣᠨ ᠤ ᠥᠪᠡᠷᠮᠢᠴᠡ ᠣᠨᠴᠠᠯᠢᠭ ᠲᠠᠢ ᠵᠠᠰᠠᠮᠠᠯ ᠵᠠᠮ ᠤᠨ ᠰᠣᠶᠣᠯ ᠢ ᠪᠠᠳᠠᠷᠠᠭᠤᠯᠤᠭᠰᠠᠨ ᠪᠠᠶᠢᠨ᠎ᠠ᠃ ᠬᠠᠮᠤᠭ ᠤᠨ ᠰᠡᠭᠦᠯ ᠳᠤ ᠬᠠᠮᠲᠤᠷᠠᠨ ᠠᠵᠢᠯᠯᠠᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠵᠢᠭᠤᠯᠴᠢᠯᠠᠯ ᠤᠨ ᠬᠠᠯᠠᠮᠰᠢᠯ ᠭᠠᠵᠠᠷ ᠣᠷᠣᠨ ᠤ ᠦᠢᠯᠡᠴᠢᠯᠡᠭᠡᠨ ᠤ ᠲᠥᠬᠦᠭᠡᠷᠦᠮᠵᠢ ᠳᠤ ᠴᠢᠭᠯᠡᠭᠦᠯᠦᠨ᠂ ᠲᠡᠷᠭᠡ ᠵᠣᠭᠰᠣᠬᠤ᠂ ᠵᠣᠷᠯᠣᠩ ᠳᠤ ᠣᠷᠤᠬᠤ᠂ ᠠᠮᠠᠷᠠᠬᠤ᠂ ᠮᠡᠳᠡᠭᠡ ᠵᠠᠩᠭᠢ ᠶᠢᠨ ᠦᠢᠯᠡᠴᠢᠯᠡᠭᠡ ᠪᠠ ᠰᠠᠭᠠᠳ ᠦᠭᠡᠶ ᠦᠢᠯᠡᠴᠢᠯᠡᠭᠡ ᠵᠡᠷᠭᠡ ᠦᠨᠳᠦᠰᠦᠨ ᠨᠡᠶᠢᠲᠡ ᠶᠢᠨ ᠠᠰᠠᠷᠠᠮᠵᠢ ᠶᠢᠨ ᠴᠢᠳᠠᠮᠵᠢ ᠶᠢ ᠪᠦᠷᠢᠮᠦᠰᠦᠨ ᠬᠠᠩᠭᠠᠭᠰᠠᠨ ᠤᠷᠢᠲᠠᠯ ᠳᠣᠣᠷ᠎ᠠ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠢᠳᠡᠪᠬᠢᠲᠡᠶ ᠡᠷᠢᠯᠬᠢᠯᠡᠵᠦ᠂ ᠦᠵᠡᠮᠵᠢ ᠰᠣᠨᠢᠷᠬᠠᠬᠤ᠂ ᠬᠤᠭᠤᠯᠠ ᠤᠮᠳᠠ᠂ ᠭᠡᠷᠲᠥ ᠲᠡᠷᠭᠡ ᠶᠢᠨ ᠪᠠᠭᠤᠴᠠ ᠵᠡᠷᠭᠡ ᠤᠷᠲᠤᠳᠬᠠᠭᠰᠠᠨ ᠴᠢᠳᠠᠮᠵᠢᠳᠤ ᠲᠥᠬᠦᠭᠡᠷᠦᠮᠵᠢ ᠶᠢ ᠵᠦᠢ ᠵᠣᠬᠢᠰᠲᠠᠶ ᠪᠠᠶᠢᠷᠢᠯᠠᠭᠤᠯᠵᠤ᠂ ᠨᠡᠶᠢᠭᠡᠮ ᠳᠤ ᠬᠠᠨᠳᠤᠭᠤᠯᠤᠨ ᠬᠤᠳᠠᠯᠳᠤᠭᠠᠴᠢᠨ ᠤᠷᠢᠵᠤ᠂ ᠠᠦ᠋ᠲ᠋ᠣ᠋ ᠬᠤᠳᠠᠯᠳᠤᠭᠠᠨ ᠤ ᠮᠠᠰᠢᠨ᠂ ᠣᠨᠴᠠ ᠭᠠᠷᠤᠯᠲᠠ ᠶᠢᠨ ᠬᠤᠳᠠᠯᠳᠤᠭᠠᠨ ᠤ ᠡᠷᠦᠬᠡ᠂ ᠲᠦᠳᠡ ᠳᠡᠯᠭᠡᠭᠦᠷ ᠵᠡᠷᠭᠡ ᠶᠢ ᠣᠷᠣᠭᠤᠯᠤᠨ ᠠᠪᠴᠢᠷᠠᠵᠤ᠂ ᠢᠩᠭᠢᠪᠡᠯ ᠤᠯᠠᠨ ᠨᠡᠶᠢᠲᠡ ᠳᠤ ᠨᠡᠩ ᠤᠯᠠᠨ ᠶᠠᠩᠵᠤ ᠶᠢᠨ ᠶᠠᠪᠤᠵᠤ ᠰᠠᠭᠤᠬᠤ ᠦᠢᠯᠡᠴᠢᠯᠡᠭᠡ ᠬᠠᠩᠭᠠᠵᠤ ᠴᠢᠳᠠᠬᠤ ᠮᠥᠷᠲᠡᠭᠡᠨ ᠪᠠᠰᠠ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠰ ᠪᠡᠶ᠎ᠡ ᠶᠢᠨ ᠡᠭᠦᠰᠬᠡᠨ ᠬᠦᠭᠵᠢᠭᠦᠯᠬᠦ ᠴᠢᠳᠠᠪᠤᠷᠢ ᠶᠢ ᠴᠤ ᠨᠡᠮᠡᠭᠳᠡᠭᠦᠯᠵᠦ ᠴᠢᠳᠠᠨ᠎ᠠ᠃ ᠵᠢᠱᠢᠶᠡᠯᠡᠪᠡᠯ᠂ ᠤᠯᠠᠭᠠᠨᠴᠠᠪ ᠬᠤᠲᠠ ᠶᠢᠨ G110 ᠱᠤᠭᠤᠮ ᠤᠨ ᠭᠤᠣ ᠮᠢᠶᠣᠣ ᠽᠢ ᠦᠢᠯᠡᠴᠢᠯᠡᠭᠡᠨ ᠤ ᠲᠣᠭᠤᠷᠢᠭ ᠲᠤ᠂ ᠵᠠᠰᠠᠭ ᠤᠨ ᠣᠷᠳᠣᠨ ᠯᠤᠭ᠎ᠠ ᠶᠢᠨ ᠶᠠᠳᠠᠭᠤ ᠶᠢ ᠲᠡᠳᠬᠦᠬᠦ᠂ ᠵᠢᠭᠤᠯᠴᠢᠯᠠᠯ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠬᠦ ᠪᠠᠷ ᠳᠠᠮᠵᠢᠭᠤᠯᠤᠨ᠂ ᠬᠥᠮᠦᠨ ᠤ ᠬᠦᠴᠦᠨ᠂ ᠪᠣᠳᠠᠰ ᠤᠨ ᠬᠦᠴᠦᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠭᠰᠡᠨ ᠢᠶᠠᠷ ᠪᠠᠷᠠᠬᠤ ᠥᠬᠡᠶ᠂ ᠡᠭᠦᠨ ᠤ ᠬᠠᠮᠲᠤ ᠵᠠᠰᠠᠭ ᠤᠨ ᠣᠷᠳᠣᠨ ᠤ ᠲᠥᠷᠥᠯ ᠵᠦᠢᠯ ᠳᠤ ᠲᠦᠰᠢᠭᠯᠡᠨ ᠦᠵᠡᠮᠵᠢ ᠰᠣᠨᠢᠷᠬᠠᠬᠤ ᠂ ᠬᠤᠭᠤᠯᠠ ᠤᠮᠳᠠ᠂ ᠵᠢᠭᠤᠯᠴᠢᠯᠠᠯ᠂ ᠬᠤᠨᠤᠭ ᠪᠠᠭᠤᠳᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠵᠡᠷᠭᠡ ᠤᠷᠲᠤᠳᠬᠠᠭᠰᠠᠨ ᠦᠢᠯᠡᠴᠢᠯᠡᠭᠡ ᠶᠢ ᠪᠦᠷᠢᠨ ᠭᠦᠢᠴᠡᠳ ᠳᠣᠭᠢᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠣᠯᠠᠨ ᠡᠰᠢᠴᠢᠯᠡᠭᠰᠡᠨ ᠬᠡᠷᠡᠭᠴᠡᠭᠡ ᠶᠢ ᠨᠠᠩ ᠰᠠᠶᠢᠨ ᠬᠠᠩᠭᠠᠭᠰᠠᠨ ᠪᠠᠶᠢᠨ᠎ᠠ᠃ ﹇2020-08-14 14᠄ 44᠄ 53﹈      ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠲᠠ ᠰᠠᠶ᠋ᠢᠬᠠᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ ᠶᠠᠳᠠᠭᠤ ᠶᠢ ᠲᠡᠳᠬᠦᠬᠦ ᠶᠢ ᠤᠶᠠᠯᠳᠤᠭᠤᠯᠬᠤ ᠲᠤᠬᠠᠶ ᠳᠤᠷᠠᠳᠤᠭᠰᠠᠨ ᠪᠠᠶᠢᠨ᠎ᠠ᠂ ᠡᠭᠦᠨ ᠢ ᠨᠠᠷᠢᠨ ᠲᠠᠨᠢᠯᠴᠠᠭᠤᠯᠵᠤ ᠪᠣᠯᠤᠨ᠎ᠠ ᠤᠤ︖ ﹇2020-08-14 14᠄ 57᠄ 53﹈  ﹇2020-08-14 14᠄ 57᠄ 53﹈     ᠬᠦᠯᠢᠶᠡᠭᠴᠢ᠄ ᠶᠦᠨ ᠸᠧᠨ ᠵᠢᠩ      ᠵᠠ᠂ ᠬᠥᠲᠥᠯᠥᠭᠴᠢ ᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠣᠨᠤᠪᠴᠢᠲᠠᠢ ᠶᠠᠳᠠᠭᠤ ᠠᠴᠠ ᠠᠩᠭᠢᠵᠢᠷᠠᠭᠤᠯᠬᠤ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠡᠷᠬᠡᠪᠰᠢ ᠰᠠᠶᠢᠲᠤᠷ ᠬᠢᠬᠦ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠨᠢᠭᠡ ᠪᠣᠯᠭᠠᠬᠤ ᠪᠠᠷ ᠲᠣᠳᠣᠷᠬᠠᠶᠢᠯᠠᠵᠤ᠂ ᠶᠡᠷᠦᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠲᠤᠬᠠᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠥᠭᠴᠡᠢ᠃ ᠶᠠᠳᠠᠭᠤ ᠠᠴᠠ ᠠᠩᠭᠢᠵᠢᠷᠠᠭᠤᠯᠬᠤ ᠡᠨᠡ ᠬᠦ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠨᠢ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠡᠭᠦᠨ ᠤ ᠲᠤᠯᠠᠳᠠ᠂ ᠪᠢᠳᠡ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠣᠷᠣᠨ ᠨᠤᠲᠤᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠬᠦ ᠠᠵᠢᠯ ᠤᠨ ᠪᠠᠶᠢᠷᠢᠯᠠᠭᠤᠯᠤᠯᠲᠠ ᠳᠤ ᠣᠷᠣᠭᠤᠯᠪᠠ᠃ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ︽ᠦᠢᠯᠡᠴᠢᠯᠡᠭᠡᠨ ᠤ ᠲᠣᠭᠤᠷᠢᠭ +︾ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠨᠳᠦᠰᠦᠨ ᠦᠢᠯᠡᠴᠢᠯᠡᠭᠡᠨ ᠤ ᠴᠢᠳᠠᠮᠵᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ︽ᠦᠢᠯᠡᠴᠢᠯᠡᠭᠡᠨ ᠤ ᠲᠣᠭᠤᠷᠢᠭ + ᠣᠷᠣᠨ ᠨᠤᠲᠤᠭ ᠤᠨ ᠣᠨᠴᠠᠯᠢᠭ︾ ︽ᠦᠢᠯᠡᠴᠢᠯᠡᠭᠡᠨ ᠤ ᠲᠣᠭᠤᠷᠢᠭ + ᠲᠠᠷᠢᠶᠠᠯᠠᠩ ᠤᠨ ᠪᠦᠲᠦᠭᠡᠭᠳᠡᠬᠦᠨ︾ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ ᠨᠥᠬᠦᠴᠡᠯ ᠲᠠᠢ ᠦᠢᠯᠡᠴᠢᠯᠡᠭᠡᠨ ᠤ ᠲᠣᠭᠤᠷᠢᠭ ᠲᠤ ᠣᠷᠣᠨ ᠨᠤᠲᠤᠭ ᠤᠨ ᠶᠠᠳᠠᠭᠤ ᠶᠢ ᠲᠡᠳᠬᠦᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠲᠤᠬᠠᠶ ᠶᠢᠨ ᠭᠠᠵᠠᠷ ᠤᠨ ᠶᠠᠳᠠᠭᠤ ᠶᠢ ᠲᠡᠳᠬᠦᠬᠦ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢᠨ ᠲᠤᠰᠬᠠᠶ ᠯᠠᠩᠭᠦᠶ ᠶᠢ ᠳᠣᠭᠢᠷᠠᠭᠤᠯᠵᠤ᠂ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠲᠤ ᠥᠪᠡᠷ ᠤᠨ ᠦᠢᠯᠡᠳᠪᠦᠷᠢᠯᠡᠭᠰᠡᠨ ᠣᠨᠴᠠᠯᠢᠭᠲᠤ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠪᠣᠷᠣᠯᠠᠭᠤᠯᠬᠤ ᠪᠠᠷ ᠰᠦᠢᠳᠭᠡᠯ ᠬᠤᠷᠢᠶᠠᠬᠤ ᠦᠭᠡᠢ ᠬᠠᠩᠭᠠᠪᠠ᠃ ᠡᠭᠦᠨ ᠤ ᠬᠠᠮᠲᠤ᠂ ᠨᠥᠬᠦᠴᠡᠯ ᠲᠠᠢ ᠲᠡᠷᠭᠡ ᠵᠣᠭᠰᠤᠬᠤ ᠭᠠᠵᠠᠷ᠂ ᠠᠷᠠᠴᠢᠯᠠᠨ ᠬᠠᠮᠠᠭᠠᠯᠠᠬᠤ ᠵᠠᠮ ᠤᠨ ᠠᠩᠭᠢ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢᠨ ᠯᠠᠩᠭᠦᠶ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠲᠤ ᠣᠨᠴᠠ ᠭᠠᠷᠤᠯᠲᠠ ᠶᠢᠨ ᠰᠦᠢᠳᠭᠡᠯ ᠬᠤᠷᠢᠶᠠᠬᠤ ᠥᠬᠡᠶ ᠪᠠᠷ ᠪᠣᠷᠣᠯᠠᠭᠤᠯᠬᠤ ᠴᠣᠩᠬᠤ ᠬᠠᠩᠭᠠᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠂ ᠲᠤᠬᠠᠶ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠪᠠ᠃ ﹇2020- 08-14 14᠄ 58᠄ 53﹈     ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠡᠨᠡ ᠵᠢᠯ ᠪᠢᠳᠡ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠬᠡᠷᠬᠢᠨ ᠤᠯᠠᠮ ᠨᠢᠭᠡ ᠠᠯᠬᠤᠮ ᠪᠣᠳᠠᠲᠠᠶ ᠳᠤ ᠨᠠᠶᠢᠳᠠᠪᠤᠷᠢᠵᠢᠭᠤᠯᠬᠤ ᠪᠣᠶ︖ ﹇2020-08-14 15:00:53﹈ ﹇2020-08-14 15:00:53﹈     ᠬᠦᠯᠢᠶᠡᠭᠴᠢ᠄ ᠶᠦᠨ ᠸᠧᠨ ᠵᠢᠩ      ᠡᠨᠡ ᠵᠢᠯ᠂ ᠮᠠᠨ ᠤ ᠣᠷᠣᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠴᠢᠩᠭ᠎ᠠ ᠠᠳᠬᠤᠬᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠣᠯᠠᠨ ᠡᠰᠢᠲᠦ ᠬᠥᠭᠵᠢᠯᠲᠡ ᠶᠢ ᠠᠬᠢᠭᠤᠯᠬᠤ ᠵᠡᠷᠭᠡ ᠪᠠᠷ ᠳᠠᠮᠵᠢᠭᠤᠯᠤᠨ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠪᠣᠯᠭᠠᠨ᠎ᠠ᠃ ᠨᠢᠭᠡ ᠳᠤ᠂ ᠦᠢᠯᠡᠴᠢᠯᠡᠭᠡᠨ ᠤ ᠲᠥᠬᠦᠭᠡᠷᠦᠮᠵᠢ ᠶᠢ ᠰᠠᠶᠢᠲᠤᠷ ᠪᠠᠶᠢᠭᠤᠯᠵᠤ ᠰᠠᠶᠢᠲᠤᠷ ᠬᠠᠮᠢᠶᠠᠷᠴᠤ ᠰᠠᠶᠢᠲᠤᠷ ᠡᠵᠡᠩᠨᠡᠨ᠎ᠡ᠃ ᠪᠢᠳᠡ ᠦᠷᠭᠦᠯᠵᠢᠯᠡᠨ ︽ᠨᠢᠭᠡᠳᠦᠯᠲᠡᠶ ᠲᠥᠯᠥᠪᠵᠢᠭᠦᠯᠬᠦ᠂ ᠵᠦᠶ ᠵᠣᠬᠢᠰᠲᠠᠶ ᠪᠠᠶᠢᠷᠢᠯᠠᠭᠤᠯᠬᠤ᠂ ᠴᠢᠳᠠᠮᠵᠢ ᠶᠢ ᠵᠣᠬᠢᠴᠠᠭᠤᠯᠬᠤ᠂ ᠵᠣᠬᠢᠬᠤ ᠬᠡᠮᠵᠢᠶ᠎ᠡ ᠪᠠᠷ ᠤᠷᠢᠳᠴᠢᠯᠠᠭᠤᠯᠬᠤ︾ ᠱᠠᠭᠠᠷᠳᠠᠯᠭ᠎ᠠ ᠶᠣᠰᠣᠭᠠᠷ ᠨᠠᠶᠢᠳᠠᠪᠦᠷᠢᠵᠢᠭᠤᠯᠤᠨ᠎ᠠ᠃ ﹇2020-08-14 15᠄ 01᠄ 53﹈      ᠬᠥᠲᠥᠯᠥᠭᠴᠢ᠄      ᠵᠠ᠂ ᠴᠠᠭ ᠤᠨ ᠬᠠᠷᠠᠭ᠎ᠠ ᠠᠴᠠ ᠪᠣᠯᠵᠤ᠂ ᠪᠢᠳᠡᠨ ᠤ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃        ᠶᠦᠨ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠦᠭᠡᠶ ᠬᠠᠷᠢᠭᠤᠯᠤᠭᠰᠠᠨ ᠳᠤ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠤ ᠠᠨᠳᠠ ᠨᠠᠷ ᠤᠨ ᠬᠠᠯᠠᠭᠤᠨ ᠰᠡᠳᠭᠢᠯᠭᠡ ᠪᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ﹇2020-08 -14 15᠄ 09᠄ 53﹈      ᠬᠦᠯᠢᠶᠡᠭᠴᠢ᠄ ᠶᠦᠨ ᠸᠧᠨ ᠵᠢᠩ      ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠲᠤ ᠲᠠᠯᠠᠷᠬᠠᠵᠤ ᠪᠠᠶᠢᠨ᠎ᠠ᠃ ᠤᠯᠠᠨ  ᠢᠶᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠦᠷᠭᠦᠯᠵᠢᠯᠡᠨ ᠠᠩᠬᠠᠷᠴᠤ᠂ ᠬᠠᠮᠲᠤ ᠪᠠᠷ ᠴᠢᠷᠮᠠᠶᠢᠵᠤ ᠪᠠᠶᠢᠭᠠᠳ ᠪᠦᠬᠦ ᠣᠷᠣᠨ ᠤ ᠥᠷᠭᠡᠨ ᠤᠯᠠᠨ ᠠᠷᠠᠳ ᠲᠦᠮᠡᠨ ᠳᠤ ᠨᠡᠩ ᠠᠮᠤᠷ ᠲᠦᠪᠰᠢᠨ᠂ ᠳᠥᠭᠦᠮ ᠳᠥᠲᠡ᠂ ᠥᠨᠳᠥᠷ ᠦᠷ᠎ᠡ ᠠᠰᠢᠭ ᠲᠠᠢ᠂ ᠪᠣᠬᠢᠷᠲᠤᠯ ᠦᠭᠡᠢ᠂ ᠬᠢᠮᠳᠠ ᠵᠠᠰᠠᠮᠠᠯ ᠵᠠᠮ ᠤᠨ ᠦᠢᠯᠡᠴᠢᠯᠡᠭᠡ ᠬᠠᠩᠭᠠᠬᠤ ᠪᠠᠷ ᠲᠡᠮᠡᠴᠡᠵᠡᠭᠡᠶ᠎ᠡ︕ ᠲᠠ ᠪᠦᠬᠦᠨ ᠳᠤ ᠳᠠᠬᠢᠨᠲᠠ ᠲᠠᠯᠠᠷᠬᠠᠵᠤ ᠪᠠᠶᠢᠨ᠎ᠠ︕ ﹇2020-08-14 15᠄ 10᠄ 53﹈
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号