2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠵᠠᠰᠠᠮᠠᠯ ᠵᠠᠮ ᠤᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2021/3/5
      ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2019 ᠣᠨ ᠤ 38 ᠳ᠋ᠤᠭᠠᠷ ᠲᠣᠭᠠᠲᠤ︶᠂  ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠳᠡᠰ ᠤᠨ ᠪᠠᠷᠢᠮᠵᠢᠶ᠎ᠠ︾ ᠵᠢᠴᠢ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠵᠢᠴᠢ ᠦᠨᠡᠮᠯᠡᠯ ᠰᠣᠯᠢᠵᠤ ᠳᠠᠬᠢᠨ ᠬᠢᠨᠠᠬᠤ ᠠᠵᠢᠯ ᠤᠨ ᠲᠠᠰ ᠳᠠᠷᠠᠭᠠᠯᠠᠯ︾ ︵ᠵᠠᠮ ᠠᠶᠤᠯᠭᠦᠢ ᠬᠢᠨᠠᠯᠲᠠ ᠲᠠᠷᠬᠠᠭᠠᠭᠰᠠᠨ〔2017〕113 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠂ ᠮᠠᠨ ᠤ ᠲᠣᠪᠴᠢᠶ᠎ᠠ ᠠᠴᠠ 2021 ᠣᠨ ᠤ ᠭᠤᠷᠪᠠᠳᠤᠭᠠᠷ ᠪᠦᠯᠦᠭ ᠵᠠᠰᠠᠮᠠᠯ ᠵᠠᠮ ᠤᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠵᠡᠷᠭᠡ ᠳᠡᠰ ᠢ ᠦᠨᠡᠯᠡᠨ ᠲᠣᠭᠲᠠᠭᠠᠯᠭᠠᠬᠤ ᠪᠠᠷ ᠭᠤᠶᠤᠴᠢᠯᠠᠭᠰᠠᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠶᠡᠷᠦᠩᠬᠡᠶᠢᠯᠡᠭᠰᠡᠨ ᠦᠨᠡᠯᠡᠨ ᠲᠣᠭᠲᠠᠭᠠᠯᠲᠠ ᠬᠢᠵᠦ᠂ ᠡᠳᠦᠭᠡ ᠶᠡᠷᠦᠩᠬᠡᠶᠢᠯᠡᠨ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ  ︵ᠳᠠᠭᠠᠯᠳᠤᠭᠤᠯᠤᠯ ᠳᠤ ᠦᠵᠡ︶᠃      ᠵᠠᠷᠯᠠᠨ ᠨᠡᠶᠢᠲᠡᠯᠡᠬᠦ ᠬᠤᠭᠤᠴᠠᠭᠠᠨ ᠳᠤ ᠶᠠᠮᠠᠷᠪᠠ ᠨᠢᠭᠡᠴᠢ ᠪᠠ ᠬᠤᠪᠢ ᠬᠥᠮᠦᠨ ᠨᠢ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠲᠠᠢ ᠪᠠᠶᠢᠪᠠᠯ᠂ ᠢᠯᠡᠴᠢᠯᠡᠨ ᠮᠡᠳᠡᠭᠦᠯᠬᠦ ᠪᠤᠶᠤ ᠭᠤᠮᠣᠳᠠᠯ ᠲᠣᠭᠠᠴᠢᠵᠤ ᠪᠣᠯᠤᠨ᠎ᠠ᠃ ᠨᠢᠭᠡᠴᠢ ᠠᠴᠠ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠠᠴᠠ ᠢᠯᠡᠴᠢᠯᠡᠨ ᠮᠡᠳᠡᠭᠦᠯᠬᠦ ᠳᠤ ᠦᠨᠡᠨ ᠨᠡᠷ᠎ᠡ ᠪᠠ ᠬᠠᠷᠢᠯᠴᠠᠬᠤ ᠤᠳᠠᠰᠤ ᠪᠠᠨ ᠪᠢᠴᠢᠵᠦ᠂ ᠢᠯᠡᠴᠢᠯᠡᠨ ᠮᠡᠳᠡᠭᠦᠯᠬᠦ ᠳᠤ ᠨᠠᠷᠢᠨ ᠲᠣᠳᠣᠷᠬᠠᠶ ᠭᠡᠷᠡᠴᠢᠯᠡᠬᠦ  ᠮᠠᠲ᠋ᠧᠷᠢᠶᠠᠯ ᠳᠠᠭᠠᠯᠳᠤᠭᠤᠯᠵᠤ᠂ ᠬᠢᠨᠠᠨ ᠪᠠᠶᠢᠴᠠᠭᠠᠬᠤ ᠳᠤ ᠳᠥᠭᠦᠮ ᠪᠠᠶᠢᠯᠭᠠᠬᠤ ᠬᠡᠷᠡᠭᠲᠡᠶ᠃       ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 3 ᠳ᠋ᠤᠭᠠᠷ ᠰᠠᠷ᠎ᠠ ᠶᠢᠨ 9 ᠤ ᠡᠳᠦᠷ ᠪᠣᠯᠤᠨ᠎ᠠ᠂ ᠬᠤᠭᠤᠴᠠᠭ᠎ᠠ ᠨᠢ ᠬᠡᠲᠦᠷᠡᠪᠡᠯ ᠭᠥᠯᠢᠶᠡᠨ ᠠᠪᠴᠤ ᠰᠢᠶᠳᠪᠦᠷᠢᠯᠡᠬᠦ ᠥᠬᠡᠶ᠃     ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠷᠢᠮ ᠵᠠᠮ ᠬᠢᠭᠡᠳ ᠬᠤᠶᠢᠲᠤ ᠬᠤᠶᠠᠳᠤᠭᠠᠷ ᠲᠣᠭᠤᠷᠢᠯ ᠵᠠᠮ ᠤᠨ ᠠᠭᠤᠯᠵᠠᠷ ᠠᠴᠠ ᠡᠮᠦᠨᠡᠬᠢ 300 ᠮᠧᠲᠷ ᠤᠨ ᠪᠠᠷᠠᠭᠤᠨ ᠭᠤᠳᠤᠮᠵᠢ ᠳᠤ᠂ ᠰᠢᠦᠳᠠᠨ ᠨᠣᠮᠧᠷ᠄ 010050︔      ᠤᠳᠠᠰᠤ ︵ᠹᠠᠺᠰ︶᠄ 0471 - 6536741      ᠢᠮᠧᠯ᠄ nmgjtjc@163.com
 
ᠢᠷᠡᠯᠲᠡ᠄ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号