2020 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ  ᠶᠢᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/3/5
     2020 ᠣᠨ ᠳᠤ᠂ ᠮᠠᠨ ᠤ ᠲᠢᠩᠬᠢᠮ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠲᠥᠷᠥ ᠪᠠᠷᠢᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃      ᠨᠢᠭᠡ᠂ ᠬᠠᠤᠯᠢ ᠪᠠᠷ ᠵᠠᠰᠠᠬᠤ ᠪᠠᠶᠢᠭᠤᠯᠤᠯᠲᠠ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ      ( ᠨᠢᠭᠡ ) ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯ ᠳᠤᠭᠤᠶᠢᠯᠠᠩ  ᠤᠨ ᠬᠠᠮᠲᠤ ᠪᠠᠷ ᠬᠠᠤᠯᠢ ᠰᠤᠷᠬᠤ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠤᠭᠤᠯᠪᠠ᠃ ᠬᠠᠤᠯᠢ ᠲᠦᠷᠢᠮ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠤ ᠪᠣᠯᠪᠠᠰᠤᠷᠠᠯ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠯᠲᠡᠰ ᠤᠨ ᠯᠧᠺᠲ᠋ᠣᠷ ᠤᠨ ᠪᠦᠯᠬᠦᠮ ᠢ ᠤᠷᠢᠵᠤ ᠠᠵᠢᠯ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠳᠤ ᠲᠠᠶᠢᠯᠤᠮᠵᠢ ᠬᠢᠯᠭᠡᠪᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠣᠯᠪᠠᠰᠤᠷᠠᠯ ᠤᠨ ᠠᠩᠭᠢ ᠡᠷᠭᠢᠯᠡᠵᠦ᠂ ᠲᠢᠩᠬᠢᠮ ᠤᠨ ᠪᠠᠶᠢᠭᠤᠯᠭ᠎ᠠ ᠵᠢᠴᠢ ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ ᠭᠠᠵᠠᠷ ᠤᠨ ᠲᠠᠰ ᠤᠨ ᠺᠠᠳ᠋ᠷ ᠲᠤ ᠪᠣᠯᠪᠠᠰᠤᠷᠠᠯ ᠬᠦᠷᠲᠡᠭᠡᠪᠡ᠃ ᠲᠢᠩᠬᠢᠮ ᠤᠨ ᠪᠠᠶᠢᠭᠤᠯᠭ᠎ᠠ ᠵᠢᠴᠢ ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ  ︽ᠬᠠᠤᠯᠢ ᠶᠢᠨ ᠤᠬᠠᠭᠤᠯᠭ᠎ᠠ ᠶᠢᠨ ᠰᠦᠯᠵᠢᠶ᠎ᠡ︾ ᠪᠠᠷ ᠳᠠᠮᠵᠢᠭᠤᠯᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠭᠤᠯᠬᠤ ᠶᠢᠨ ᠬᠠᠮᠲᠤ ᠰᠢᠯᠭᠠᠯᠲᠠ ᠶᠢ ᠵᠣᠬᠢᠶᠠᠨ ᠪᠠᠶᠢᠭᠤᠯᠵᠤ ᠰᠡᠳᠦᠪ ᠬᠠᠷᠢᠭᠤᠯᠤᠭᠤᠯᠵᠤ᠂ ᠰᠢᠯᠭᠠᠯᠲᠠ ᠶᠢᠨ ᠬᠢᠷᠢ ᠪᠦᠲᠦᠮᠵᠢ ᠶᠢ ᠨᠢ ᠣᠨ ᠤ ᠰᠢᠯᠭᠠᠨ ᠬᠢᠨᠠᠬᠤ ᠲᠠᠩᠰᠠ ᠡᠪᠬᠡᠮᠡᠯ  ᠳᠤ ᠣᠷᠤᠭᠤᠯᠪᠠ᠃      ( ᠬᠤᠶᠠᠷ ) ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ ᠲᠣᠭᠲᠠᠭᠠᠯ︾ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠲᠥᠪ ᠤᠨ ᠬᠠᠤᠯᠢ  ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠨ ᠰᠤᠷᠤᠯᠴᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠪᠣᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠤᠰᠬᠠᠶ ᠰᠡᠳᠦᠪ ᠢᠶᠠᠷ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠨᠢ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠵᠤ᠂ ᠵᠥᠷᠢᠴᠡᠯ ᠢ ᠰᠢᠶᠳᠪᠦᠷᠢᠯᠡᠵᠦ᠂ ᠲᠣᠭᠲᠠᠭᠤᠨ ᠢ ᠬᠠᠮᠠᠭᠠᠯᠠᠵᠤ᠂ ᠠᠶᠤᠯ ᠲᠦᠭᠰᠢᠭᠦᠷᠢ ᠶᠢ ᠠᠷᠭᠠᠴᠠᠭᠠᠪᠠ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠣᠨ  ᠤ ᠠᠵᠢᠯ ᠤᠨ ᠲᠥᠯᠥᠪᠯᠡᠭᠡ ᠳᠤ ᠣᠷᠣᠭᠤᠯᠵᠤ᠂ ︽2020 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠭᠦᠷᠭᠡ ᠶᠢᠨ ᠨᠠᠷᠢᠨ ᠬᠠᠭᠤᠳᠠᠰᠤ︾ ᠪᠠ ︽2020 ᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠬᠠᠤᠯᠢ ᠪᠠᠷ ᠵᠠᠰᠠᠬᠤ ᠪᠠᠶᠢᠭᠤᠯᠤᠯᠲᠠ ᠵᠢᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ᠶᠢ ᠰᠤᠳᠤᠯᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠤᠯᠠᠷᠢᠯ ᠢᠶᠠᠷ 3 ᠵᠦᠶᠯ ᠤᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠤᠯᠪᠣᠭᠳᠠᠯ ᠪᠥᠬᠦᠶ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠢᠶᠳᠪᠦᠷᠢᠯᠡᠨ᠂ ᠡᠯ᠎ᠡ ᠵᠦᠶᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠤᠨ ᠨᠠᠶᠢᠳᠠᠪᠤᠷᠢᠵᠢᠭᠤᠯᠬᠤ ᠳᠤᠮᠳᠠᠬᠢ ᠨᠠᠮ ᠤᠨ ᠤᠳᠤᠷᠢᠳᠬᠤ ᠭᠤᠤᠯᠯᠠᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ  ᠤ ᠮᠡᠳᠡᠭᠦᠯᠦᠯᠲᠡ ᠶᠢᠨ ᠲᠦᠷᠢᠮ ᠪᠠ ᠨᠡᠶᠢᠭᠡᠮ ᠳᠤ ᠨᠡᠶᠢᠲᠡᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠ ᠲᠢᠩᠬᠢᠮ ᠤᠨ ᠫᠤᠷᠲ᠋ᠧᠯ ᠰᠦᠯᠵᠢᠶᠡᠨ ᠥᠷᠲᠡᠭᠡ ᠳᠤ 2019 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠭᠦᠯᠦᠯᠲᠡ ᠶᠢ ᠢᠯᠡ ᠪᠣᠯᠭᠠᠬᠤ ᠶᠢᠨ ᠬᠠᠮᠲᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ 2020 ᠣᠨ ᠤ ᠬᠠᠷᠢᠭᠤᠴᠠᠯᠭᠠᠲᠤ ᠬᠠᠷᠠᠯᠲᠠ ᠶᠢᠨ ᠰᠢᠯᠭᠠᠨ ᠬᠢᠨᠠᠬᠤ ᠠᠭᠤᠯᠭ᠎ᠠ ᠳᠤ ᠣᠷᠤᠭᠤᠯᠪᠠ᠃      ( ᠭᠤᠷᠪᠠ ) ᠬᠠᠤᠯᠢ ᠪᠠᠷ ᠵᠠᠰᠠᠬᠤ ︽ᠬᠡᠪ ᠳᠠᠭᠤᠷᠢᠶᠠᠯ︾ ᠢᠶᠠᠷ ᠬᠥᠮᠦᠨ ᠬᠡᠷᠡᠭᠯᠡᠬᠦ ᠤᠳᠤᠷᠢᠳᠤᠮᠵᠢ ᠶᠢ ᠬᠦᠲᠦᠯᠦᠨ ᠳᠠᠭᠠᠭᠤᠯᠪᠠ᠃ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠶᠣᠰᠣᠭᠠᠷ ᠠᠵᠢᠯᠯᠠᠬᠤ ᠴᠢᠳᠠᠪᠤᠷᠢ  ᠶᠢ ᠲᠤᠰᠢᠶᠠᠯ ᠡᠭᠦᠷᠭᠡᠯᠡᠬᠦ᠂ ᠲᠡᠰ ᠳᠡᠪᠰᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠭᠤᠣᠯ ᠬᠠᠷᠢᠭᠤᠴᠠᠯᠭᠠᠲᠠᠨ  ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠭᠦᠢᠴᠡᠳᠭᠡᠭᠰᠡᠨ ᠪᠣᠳᠠᠲᠤ ᠪᠦᠲᠦᠮᠵᠢ ᠶᠢ ᠰᠢᠯᠭᠠᠨ ᠬᠢᠨᠠᠬᠤ ᠶᠢ ᠴᠢᠩᠭ᠎ᠠ ᠨᠠᠶᠢᠳᠠᠪᠤᠷᠢᠵᠢᠭᠤᠯᠪᠠ᠃ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠭᠠᠵᠠᠷ ᠤᠨ ᠲᠡᠰ ᠤᠨ ᠺᠠᠳ᠋ᠷ  ᠤᠨ ᠤᠯᠤᠰ ᠲᠦᠷᠦ ᠶᠢᠨ ᠤᠨᠤᠯ ᠤᠨ ᠬᠢᠷᠢ ᠲᠦᠪᠰᠢᠨ ᠪᠣᠯᠤᠨ ᠬᠠᠤᠯᠢ ᠴᠠᠭᠠᠵᠠ ᠶᠢᠨ ᠰᠠᠭᠤᠷᠢ ᠮᠡᠳᠡᠯᠭᠡ ᠶᠢᠨ ᠲᠤᠰᠢᠶᠠᠯ ᠡᠭᠦᠷᠭᠡᠯᠡᠬᠦ ᠬᠢᠷᠢ ᠬᠡᠮ ᠤᠨ ᠰᠢᠯᠭᠠᠯᠲᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠪᠠ᠃      ᠬᠤᠶᠠᠷ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠠᠬᠢᠭᠤᠯᠬᠤ      ( ᠨᠢᠭᠡ ) ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠣᠷᠣᠭᠰᠢ ᠲᠠᠯᠪᠢᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠳᠠᠭᠠᠭᠠᠨ ᠠᠪᠬᠤ ᠶᠢᠨ ᠬᠠᠮᠲᠤ᠂ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠣᠷᠤᠭᠤᠯᠪᠠ᠃ ᠵᠠᠰᠠᠭ ᠵᠠᠬᠢᠷᠭᠠᠨ  ᠤ ᠡᠷᠬᠡ ᠶᠢ ᠳᠣᠷᠣᠭᠰᠢ ᠲᠠᠯᠪᠢᠬᠤ ᠶᠢ ᠳᠠᠭᠠᠭᠠᠨ ᠠᠪᠴᠤ ᠵᠢᠯᠣᠭᠤᠳᠬᠤ ᠠᠵᠢᠯ ᠢ ᠦᠷᠨᠢᠭᠦᠯᠪᠡ᠃ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ᠲᠥᠪᠯᠡᠷᠡᠭᠦᠯᠦᠨ ᠭᠦᠶᠴᠡᠳᠬᠡᠬᠦ ᠶᠢ ᠲᠦᠷᠭᠡᠳᠬᠡᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠲᠢᠩᠬᠢᠮ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠪᠦᠬᠦᠨ ᠢ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠣᠷᠣᠭᠤᠯᠵᠤ᠂ ᠠᠵᠢᠯ ᠬᠡᠷᠡᠭ ᠭᠦᠶᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾ ᠶᠢ ᠦᠨᠳᠦᠰᠦᠨ ᠳᠤ ᠪᠠᠨ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠠᠷᠢᠯᠢᠬᠵᠢᠭᠤᠯᠤᠨ ᠡᠮᠬᠢᠯᠡᠵᠦ ᠲᠤᠬᠠᠶ ᠶᠢᠨ ᠭᠠᠵᠠᠷ ᠲᠤ ᠨᠢ ᠨᠤᠲᠠᠯᠠᠬᠤ ᠠᠵᠢᠯ ᠪᠠ ᠲᠤᠬᠠᠶᠢᠯᠠᠭᠰᠠᠨ ᠠᠵᠢᠯ ᠢ ᠭᠦᠶᠴᠡᠳᠬᠡᠬᠦ ᠵᠦᠶᠯᠡᠰ ᠢ ᠰᠠᠯᠭᠠᠨ ᠬᠤᠪᠢᠶᠠᠷᠢᠯᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠴᠡ ᠪᠠᠶᠢᠭᠤᠯᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢ ᠪᠡᠶᠡᠯᠡᠭᠦᠯᠪᠡ᠃      ( ᠬᠤᠶᠠᠷ ) ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠪᠡ᠃ ︽ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠪᠠ ᠵᠠᠯᠭᠠᠨ ᠵᠣᠯᠭᠠᠭᠤᠯᠬᠤ ᠬᠤᠯᠪᠣᠭᠳᠠᠯ ᠪᠥᠬᠦᠶ ᠶᠠᠪᠤᠳᠠᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠢ ᠴᠢᠩᠭᠠᠷᠠᠭᠤᠯᠤᠨ ᠬᠦᠴᠦᠨ ᠥᠬᠡᠶ ᠪᠣᠯᠭᠠᠵᠤ ᠳᠣᠷᠣᠭᠰᠢ ᠲᠠᠯᠪᠢᠬᠤ ( ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠪᠠᠭᠲᠠᠨ᠎ᠠ ) ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠨᠠᠶᠢᠳᠠᠪᠤᠷᠢᠵᠢᠭᠤᠯᠬᠤ ᠪᠠ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠡᠷᠭᠢᠵᠦ ᠬᠠᠷᠠᠬᠤ ᠪᠠ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠵᠥᠪᠰᠢᠶᠡᠷᠡᠯ ᠳᠠᠬᠢ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠯᠠᠪᠯᠠᠯᠭ᠎ᠠ ᠶᠢᠨ ᠮᠡᠳᠡᠭᠦᠯᠦᠯᠲᠡ ᠶᠢᠨ ᠵᠠᠭᠤᠴᠢ ᠵᠦᠢᠯᠡᠰ ᠢ ᠬᠦᠴᠦᠨ ᠦᠭᠡᠶ ᠪᠣᠯᠭᠠᠪᠠ᠃ ᠭᠡᠷᠡᠴᠢᠯᠡᠬᠦ ᠵᠦᠶᠯᠡᠰ ᠢ ᠢᠯᠭᠠᠷᠠᠭᠤᠯᠤᠨ ᠳᠢᠭᠯᠡᠬᠦ ᠠᠵᠢᠯ ᠢ ᠥᠷᠨᠢᠭᠦᠯᠵᠦ᠂ ᠬᠠᠤᠯᠢ ᠳᠤ ᠨᠡᠶᠢᠴᠡᠬᠦ ᠥᠬᠡᠶ᠂ ᠵᠦᠶ ᠵᠣᠬᠢᠰ ᠥᠬᠡᠶ ᠡᠯ᠎ᠡ ᠲᠥᠷᠥᠯ ᠤᠨ ᠭᠡᠷᠡᠴᠢ ᠶᠢ ᠴᠣᠮᠬᠠᠳᠬᠠᠨ ᠬᠦᠴᠦᠨ ᠥᠬᠡᠶ ᠪᠣᠯᠭᠠᠵᠤ᠂ ᠵᠢᠷᠤᠮᠯᠠᠬᠤ ᠬᠠᠤᠯᠢ ᠥᠬᠡᠶ᠂ ᠭᠡᠷᠡᠴᠢᠯᠡᠬᠦ ᠬᠦᠴᠦᠨ ᠨᠢ ᠬᠢᠵᠠᠭᠠᠷ ᠲᠠᠢ ᠵᠢᠴᠢ ᠮᠡᠳᠡᠭᠡ ᠵᠠᠩᠭᠢ ᠶᠢᠨ ᠬᠤᠯᠪᠤᠯᠳᠤᠨ ᠨᠡᠪᠲᠡᠷᠡᠯᠴᠡᠬᠦ ᠪᠠᠷ ᠳᠠᠮᠵᠢᠭᠤᠯᠤᠨ ᠣᠯᠵᠤ ᠪᠣᠯᠬᠤ ᠭᠡᠷᠡᠴᠢᠯᠡᠬᠦ ᠲᠥᠷᠥᠯ ᠤᠨ ᠭᠠᠷᠳᠠᠮ ᠢ ᠬᠦᠴᠦᠨ ᠥᠬᠡᠶ ᠪᠣᠯᠭᠠᠪᠠ᠃      ( ᠭᠤᠷᠪᠠ ) ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠲᠢᠩᠬᠢᠮ ᠤᠨ ᠲᠣᠰ ᠱᠠᠲᠤᠨ ᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠠᠷᠢᠨ ᠲᠦᠷᠢᠮ︾ ᠢ ᠲᠣᠭᠲᠠᠭᠠᠪᠠ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ  ᠳᠤ ᠰᠠᠭᠤᠷᠢᠯᠠᠵᠤ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠪᠡ᠃ ︽ᠢᠲᠡᠭᠡᠮᠵᠢ ᠪᠠᠷ ᠰᠠᠭᠤᠷᠢ ᠪᠣᠯᠭᠠᠭᠰᠠᠨ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ︾ ᠰᠡᠳᠦᠪ ᠤᠨ ᠰᠤᠳᠤᠯᠤᠯ ᠢ ᠦᠷᠨᠢᠭᠦᠯᠪᠡ᠃ ︽ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠵᠢᠴᠢ ︿ᠢᠲᠡᠭᠡᠮᠵᠢᠲᠦ ᠵᠠᠮ ᠬᠠᠷᠢᠯᠴᠠᠭᠠᠨ ᠤ ᠮᠤᠵᠢ﹀ ᠶᠢ ᠡᠭᠦᠳᠦᠨ ᠪᠠᠶᠢᠭᠤᠯᠬᠤ ᠠᠵᠢᠯ ᠤᠨ ᠡᠬᠡ ᠲᠠᠩᠰᠠ︾ ᠶᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ  ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠶ ᠬᠠᠮᠵᠢᠯᠴᠠᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠶᠯᠡᠰ ᠲᠤ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠶᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠵᠣᠬᠢᠶᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ︿ᠭᠡᠷᠡᠴᠢ ᠦᠨᠡᠮᠯᠡᠯ ᠢ ᠰᠠᠯᠭᠠᠬᠤ﹀ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭᠠᠨ ᠤ ᠰᠢᠰᠲ᠋ᠧᠮ ᠳᠤ ᠬᠤᠯᠪᠣᠭᠳᠠᠬᠤ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠵᠦᠶᠯᠡᠰ ᠲᠤ ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠵᠦᠶᠯ ᠳᠠᠷᠠᠭᠠᠯᠠᠨ ᠲᠣᠭᠲᠠᠭᠠᠪᠠ᠃      ( ᠳᠥᠷᠪᠡ ) ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ  ᠰᠢᠯᠢᠳᠡᠭᠵᠢᠭᠦᠯᠪᠡ᠃ ᠥᠷᠢᠰᠥᠯᠳᠦᠭᠡᠨ ᠢ ᠠᠷᠢᠯᠭᠠᠬᠤ ᠬᠢᠵᠠᠭᠠᠷᠯᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠢᠳᠡᠪᠬᠢᠲᠡᠶ ᠦᠷᠨᠢᠭᠦᠯᠪᠡ᠃ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠵᠠᠮ ᠤᠨ ᠰᠦᠶᠳᠬᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠬᠤ᠂ ᠮᠤᠵᠢ ᠶᠢᠨ ᠬᠤᠭᠤᠷᠣᠨᠳᠣᠬᠢ ᠳᠡᠭᠡᠳᠦ ᠬᠤᠷᠳᠤ  ᠶᠢᠨ ᠵᠠᠰᠠᠮᠠᠯ ᠵᠠᠮ ᠤᠨ ᠭᠤᠤᠯ ᠱᠤᠭᠤᠮ ᠤᠨ ᠰᠦᠶᠳᠬᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠬᠤ᠂ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠶᠳᠬᠡᠯ ᠬᠤᠷᠢᠶᠠᠬᠤ ᠪᠠᠷᠢᠮᠵᠢᠶ᠎ᠠ ᠶᠢ ᠰᠢᠯᠢᠳᠡᠭᠵᠢᠭᠦᠯᠦᠨ ᠳᠣᠭᠢᠷᠠᠭᠤᠯᠬᠤ᠂ ETC ᠡᠯᠧᠺᠲᠷᠣᠨ ᠢᠶᠠᠷ ᠲᠡᠷᠭᠡ ᠵᠣᠭᠰᠣᠭᠠᠬᠤ ᠥᠬᠡᠶ ᠪᠠᠷ ᠰᠦᠶᠳᠬᠡᠯ ᠬᠤᠷᠢᠶᠠᠬᠤ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠰᠦᠶᠳᠬᠡᠯ ᠥᠯᠥ ᠬᠤᠷᠢᠶᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠪᠡ᠃ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠰᠠᠭ ᠤᠨ ᠶᠠᠪᠤᠳᠠᠯ ᠤᠨ ᠵᠦᠶᠯᠡᠰ ᠢ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠭᠦᠶᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠦᠶᠴᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ ︾ ︽ᠪᠥᠬᠦ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠰᠠᠶᠢᠲᠤᠷ ᠬᠢᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠵᠤ ᠠᠬᠤᠶᠢᠯᠠᠯ ᠤᠨ ᠡᠵᠡᠨ ᠤ ᠬᠠᠤᠯᠢ ᠶᠣᠰᠣᠨ ᠤ ᠡᠳ᠋ ᠬᠥᠷᠥᠩᠭᠡ ᠶᠢ ᠬᠠᠤᠯᠢ ᠶᠣᠰᠣᠭᠠᠷ ᠡᠷᠬᠡ ᠲᠡᠭᠰᠢ  ᠪᠠᠷ ᠬᠠᠮᠠᠭᠠᠯᠠᠬᠤ ᠶᠢ ᠠᠬᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠪᠠ᠃ ᠪᠥᠬᠦ ᠣᠷᠣᠨ ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠨ ᠤ ᠪᠠᠶᠢᠴᠠᠭᠠᠨ ᠬᠢᠨᠠᠬᠤ ︽ᠭᠤᠷᠪᠠᠨ ᠪᠠᠶᠢᠴᠠᠭᠠᠯᠲᠠ ᠶᠢ ᠨᠢᠭᠡᠳᠬᠡᠬᠦ︾ ᠵᠢᠴᠢ ᠰᠦᠯᠵᠢᠶᠡᠨ ᠳᠡᠭᠡᠷᠡᠬᠢ ᠣᠨ ᠤ ᠬᠢᠨᠠᠯᠲᠠ  ᠶᠢ ᠪᠥᠬᠦ ᠲᠠᠯ᠎ᠠ ᠪᠠᠷ ᠠᠬᠢᠭᠤᠯᠪᠡ᠃ ᠨᠡᠶᠢᠭᠡᠮ ᠨᠡᠶᠢᠲᠡ ᠳᠤ ︽ᠭᠤᠷᠪᠠᠨ ᠪᠠᠶᠢᠴᠠᠭᠠᠯᠲᠠ ᠶᠢ ᠨᠢᠭᠡᠳᠬᠡᠬᠦ︾ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠷᠡᠰ ᠢ ᠳᠥᠷᠪᠡᠨ ᠪᠦᠯᠦᠭ ᠤᠳᠠᠭ᠎ᠠ ᠨᠡᠶᠢᠲᠡᠯᠡᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ ᠵᠠᠮ ᠲᠡᠭᠡᠭᠡᠪᠦᠷᠢ ᠶᠢᠨ ᠡᠵᠡᠩᠨᠡᠭᠴᠢ ᠶᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠨ ᠤ ᠪᠠᠶᠢᠴᠠᠭᠠᠯᠲᠠ ᠶᠢ ᠨᠢᠭᠡ ᠤᠳᠠᠭ᠎ᠠ ᠰᠦᠯᠵᠢᠶᠡᠨ ᠳᠤ ᠭᠠᠷᠭᠠᠬᠤ ᠶᠢ ᠪᠡᠶᠡᠯᠡᠭᠦᠯᠵᠦ᠂ ᠮᠠᠨ ᠤ ᠣᠷᠣᠨ ᠤ 12 ᠠᠶᠢᠮᠠᠭ ᠬᠤᠲᠠ ᠴᠥᠮ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠨ ᠤ ᠬᠢᠨᠠᠯᠲᠠ ᠶᠢ ᠰᠦᠯᠵᠢᠶᠡᠨ ᠳᠡᠭᠡᠷ᠎ᠡ ᠪᠡᠶᠡᠯᠡᠭᠦᠯᠪᠡ᠃      ᠭᠤᠷᠪᠠ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ ᠠᠷᠠᠳᠴᠢᠯᠠᠬᠤ ᠬᠠᠤᠯᠢᠵᠢᠭᠤᠯᠬᠤ ᠶᠢ ᠲᠦᠯᠬᠢᠨ ᠠᠬᠢᠭᠤᠯᠬᠤ      ( ᠨᠢᠭᠡ ) ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ  ᠤᠨ ᠬᠠᠮᠢᠶᠠᠷᠤᠯᠲᠠ ᠶᠢᠨ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ  ᠶᠢᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ ᠪᠠ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢ ᠨᠡᠶᠢᠲᠡᠯᠡᠬᠦ ᠶᠠᠪᠤᠴᠠ ᠳᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠠᠴᠠ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ  ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠢᠩᠬᠢᠮ ᠤᠨ ᠫᠤᠷᠲ᠋ᠧᠯ ᠰᠦᠯᠵᠢᠶ᠎ᠡ ᠶᠢᠨ ᠲᠠᠪᠴᠠᠩ ᠢ ᠠᠰᠢᠭᠯᠠᠨ᠂ ᠰᠦᠯᠵᠢᠶᠡᠨ ᠳᠡᠭᠡᠷ᠎ᠡ ᠣᠯᠠᠨ ᠲᠦᠮᠡᠨ ᠠᠴᠠ ᠰᠠᠨᠠᠯ ᠰᠠᠨᠠᠭᠤᠯᠭ᠎ᠠ ᠬᠤᠷᠢᠶᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠰᠦᠯᠵᠢᠶ᠎ᠡ ᠵᠢᠴᠢ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠪᠠᠷ ᠳᠠᠮᠵᠢᠭᠤᠯᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠴᠠᠭ ᠲᠤᠬᠠᠶ ᠳᠤ ᠨᠢ ᠨᠡᠶᠢᠲᠡᠯᠡᠪᠡ᠃      ( ᠬᠤᠶᠠᠷ ) ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠳᠡᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠤᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠬᠠᠮᠢᠶᠠᠷᠤᠯᠲᠠ ᠶᠢᠨ ᠠᠷᠭ᠎ᠠ︾ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠶᠠᠪᠤᠴᠠ ᠳᠤ᠂ ᠪᠠᠶᠢᠴᠠᠭᠠᠨ ᠰᠤᠳᠤᠯᠵᠤ ᠨᠤᠲᠠᠯᠠᠬᠤ᠂ ᠢᠯᠡ ᠪᠠᠷ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠬᠠᠮᠲᠤ ᠪᠠᠷ ᠬᠢᠨᠠᠨ ᠵᠥᠪᠯᠡᠵᠦ ᠲᠣᠭᠲᠠᠭᠠᠬᠤ᠂ ᠢᠯᠡ ᠪᠠᠷ ᠨᠡᠶᠢᠲᠡᠯᠡᠬᠦ ᠵᠡᠷᠭᠡ ᠲᠠᠰ ᠳᠠᠷᠠᠭᠠᠯᠠᠯ ᠢ ᠬᠠᠤᠯᠢ ᠲᠣᠭᠲᠠᠭᠠᠯ ᠶᠣᠰᠣᠭᠠᠷ ᠨᠠᠶᠢᠳᠠᠪᠦᠷᠢᠵᠢᠭᠤᠯᠪᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠭᠠᠷᠳᠠᠮ ᠢ ᠴᠢᠩᠭ᠎ᠠ ᠭᠦᠢᠴᠡᠳᠬᠡᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠨᠣᠷᠮ᠎ᠠ᠂ ᠴᠠᠭ ᠲᠤᠬᠠᠶ ᠳᠤ ᠨᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠨᠣᠷᠮ᠎ᠠ᠂ ᠵᠢᠷᠤᠮᠵᠢᠭᠤᠯᠤᠭᠰᠠᠨ ᠨᠣᠷᠮ᠎ᠠ ᠨᠢ 100% ᠪᠣᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠨᠠᠶᠢᠳᠠᠪᠤᠷᠢᠵᠢᠭᠤᠯᠵᠤ᠂ ᠥᠷᠢᠰᠥᠯᠳᠦᠭᠡᠨ ᠢ ᠠᠷᠢᠯᠭᠠᠬᠤ ᠬᠢᠵᠠᠭᠠᠷᠯᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠬᠢᠨᠠᠨ ᠪᠠᠶᠢᠴᠠᠭᠠᠭᠠᠳ᠂ ᠮᠠᠨ ᠤ ᠲᠢᠩᠬᠢᠮ ᠳᠤ ᠬᠦᠴᠦᠨ ᠦᠭᠡᠶ ᠪᠣᠯᠭᠠᠬᠤ ᠪᠤᠶᠤ ᠵᠠᠰᠠᠪᠤᠷᠢ ᠣᠷᠣᠭᠤᠯᠬᠤ ᠴᠢᠬᠤᠯᠠ ᠲᠠᠢ ᠨᠢᠭᠡᠳᠦᠯᠲᠡᠶ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠷᠰᠢᠯᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠪᠤᠰᠤᠳ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠣᠷᠣᠰᠢᠬᠤ ᠦᠭᠡᠶ᠃      ( ᠭᠤᠷᠪᠠ ) ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠲᠤᠰᠢᠶᠠᠯᠲᠤ ᠬᠠᠤᠯᠢᠴᠢ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠠᠴᠠ ᠮᠠᠨ ᠤ ᠲᠢᠩᠬᠢᠮ ᠤᠨ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠵᠡᠷᠭᠡ ᠪᠢᠴᠢᠭ ᠮᠠᠲ᠋ᠧᠷᠢᠶᠠᠯ ᠳᠤ ᠬᠠᠤᠯᠢ ᠴᠠᠭᠠᠵᠠ ᠶᠢᠨ ᠰᠠᠨᠠᠯ ᠤᠨ ᠪᠢᠴᠢᠭ ᠭᠠᠷᠭᠠᠪᠠ᠃ ᠮᠠᠨ ᠤ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ ᠶᠢ ᠠᠬᠢᠭᠤᠯᠤᠨ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠵᠢᠭᠠᠰᠤᠨ ᠠᠵᠤ ᠠᠬᠤᠶ ᠶᠢᠨ ᠣᠩᠭᠤᠴᠠ ᠰᠠᠯ ᠢ ᠰᠢᠯᠭᠠᠨ ᠪᠠᠶᠢᠴᠠᠭᠠᠬᠤ ᠥᠷᠲᠡᠭᠡ᠂ ᠠᠵᠢᠯ ᠮᠡᠷᠭᠡᠵᠢᠯ  ᠤᠨ ᠬᠢᠷᠢ ᠬᠡᠮ ᠤᠨ ᠲᠥᠪ᠂ ᠮᠡᠳᠡᠭᠡ ᠵᠠᠩᠭᠢ ᠶᠢᠨ ᠲᠥᠪ᠂ ᠪᠣᠯᠪᠠᠰᠤᠷᠠᠭᠤᠯᠤᠯ ᠤᠨ ᠲᠥᠪ ᠲᠤ ᠬᠠᠤᠯᠢ ᠴᠠᠭᠠᠵᠠ  ᠶᠢᠨ ᠵᠥᠪᠯᠡᠭᠴᠢ ᠤᠷᠢᠬᠤ ᠶᠢ ᠰᠢᠮᠳᠠᠭᠤᠯᠵᠤ᠂ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠬᠠᠶ ᠮᠡᠷᠭᠡᠵᠢᠯᠲᠡᠨ ᠤ ᠯᠠᠪᠯᠠᠭ᠎ᠠ ᠶᠢᠨ ᠪᠦᠯᠬᠦᠮ ᠢ ᠤᠯᠠᠮ ᠨᠢᠭᠡ ᠠᠯᠬᠤᠮ ᠥᠷᠭᠡᠳᠬᠡᠨ᠂ ᠬᠠᠤᠯᠢ ᠴᠠᠭᠠᠵᠠ ᠶᠢᠨ ᠦᠶᠯᠡᠴᠢᠯᠡᠭᠡᠨ ᠤ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠠᠶᠡᠯᠡᠭᠦᠯᠪᠡ᠃ ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠪᠦᠯᠬᠦᠮ ᠪᠠ ᠲᠤᠰᠬᠠᠶ ᠪᠠᠶᠢᠭᠤᠯᠤᠮᠵᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠷᠢᠮ︾ ᠤᠨ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠪᠡ᠃      ( ᠲᠦᠷᠪᠡ ) ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠵᠤ᠂ ᠠᠷᠠᠳᠴᠢᠯᠠᠯ ᠢᠶᠠᠷ ᠬᠠᠤᠯᠢ ᠲᠣᠭᠲᠠᠭᠠᠪᠠ ᠃ ᠠᠵᠢᠯ ᠲᠥᠷᠥᠯ ᠤᠨ ᠬᠠᠤᠯᠢ ᠲᠣᠭᠲᠠᠭᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠦᠷᠢᠮ︾ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠨᠡᠶᠢᠲᠡᠯᠡᠨ ᠬᠡᠷᠡᠭᠵᠢᠭᠦᠯᠵᠦ᠂ 2020 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠤᠯᠢ ᠲᠣᠭᠲᠠᠭᠠᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ ᠬᠠᠤᠯᠢ ᠲᠣᠭᠲᠠᠭᠠᠬᠤ ᠶᠠᠪᠤᠴᠠ ᠳᠤ᠂ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ( ᠬᠤᠲᠠ᠂ ᠲᠣᠭᠤᠷᠢᠭ )᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ  ᠬᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠶᠠᠷᠢᠯᠴᠠᠬᠤ ᠬᠤᠷᠠᠯ᠂ ᠨᠤᠲᠠᠯᠠᠯᠲᠠ ᠶᠢᠨ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠬᠠᠤᠯᠢ ᠲᠣᠭᠲᠠᠭᠠᠬᠤ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠡᠶᠢᠭᠡᠮ ᠤᠨ ᠪᠦᠯᠬᠦᠮ᠂ ᠲᠤᠰᠬᠠᠶ ᠮᠡᠷᠭᠡᠵᠢᠯᠲᠡᠨ ᠡᠷᠳᠡᠮᠲᠡᠨ᠂ ᠬᠠᠤᠯᠢ ᠴᠠᠭᠠᠵᠠ ᠶᠢᠨ ᠵᠥᠪᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠠᠤᠯᠢ ᠲᠣᠭᠲᠠᠭᠠᠬᠤ ᠯᠠᠪᠯᠠᠯᠭ᠎ᠠ ᠨᠤᠲᠠᠯᠠᠯᠲᠠ ᠳᠤ ᠣᠷᠣᠯᠴᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ᠃      ᠳᠥᠷᠪᠡ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠦᠨᠡᠨ ᠬᠦ ᠠᠬᠢᠭᠤᠯᠬᠤ      ( ᠨᠢᠭᠡ ) ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠥᠭᠡᠷᠡᠴᠢᠯᠡᠪᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠲᠢᠩᠬᠢᠮ ᠤᠨ ᠪᠠᠶᠢᠭᠤᠯᠭ᠎ᠠ ᠳᠤ ᠪᠤᠴᠠᠭᠠᠨ ᠠᠪᠴᠢᠷᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠮᠡᠳᠡᠯ ᠤᠨ ᠳᠣᠲᠣᠷᠠᠬᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ︽2020 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠲᠠᠩᠰᠠ ᠡᠪᠬᠡᠮᠡᠯ ᠢ ᠲᠥᠪᠯᠡᠷᠡᠭᠦᠯᠦᠨ ᠦᠨᠡᠯᠡᠨ ᠪᠠᠶᠢᠴᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠬᠡᠷᠡᠭᠵᠢᠭᠦᠯᠦᠭᠰᠡᠨ ᠲᠠᠩᠰᠠ ᠡᠪᠬᠡᠮᠡᠯ ᠢ ᠦᠨᠡᠯᠡᠨ ᠪᠠᠶᠢᠴᠠᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ︾ ᠶᠢ ᠳᠠᠷᠤᠮᠠᠯᠯᠠᠨ ᠲᠠᠷᠬᠠᠭᠠᠵᠤ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠲᠦᠯᠡᠰᠢ ᠶᠢᠨ ᠬᠤᠷᠣᠭᠳᠠᠭᠤᠯᠭ᠎ᠠ ᠶᠢᠨ ᠵᠠᠮ ᠤᠨ ᠵᠠᠶ ᠶᠢ ᠪᠠᠶᠢᠴᠠᠭᠠᠨ ᠬᠡᠮᠵᠢᠭᠰᠡᠨ ᠮᠡᠳᠡᠭᠡ ᠵᠠᠩᠭᠢ ᠪᠣᠯᠤᠨ ᠠᠵᠤ ᠠᠬᠤᠶᠢᠯᠠᠯ ᠤᠨ ᠨᠡᠶᠢᠲᠡᠯᠡᠭᠰᠡᠨ ᠮᠡᠳᠡᠭᠡ ᠵᠠᠩᠭᠢ ᠵᠡᠷᠭᠡ ᠳᠤ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠠᠷᠭ᠎ᠠ ᠮᠠᠶ᠋ᠢᠭ  ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠦᠷᠨᠢᠭᠦᠯᠪᠡ᠃ ᠠᠵᠢᠯ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠠᠶ ᠬᠤᠪᠢᠷᠠᠯᠲᠠ ᠲᠠᠢ ᠤᠶᠠᠯᠳᠤᠭᠤᠯᠤᠨ᠂ ︽ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ ᠪᠠ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾  ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠠᠷ ᠳᠡᠪᠲᠡᠷ︾ ᠢ ᠲᠣᠭᠲᠠᠭᠠᠨ ᠲᠠᠷᠬᠠᠭᠠᠵᠤ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠪᠠ᠃      ( ᠬᠤᠶᠠᠷ ) ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠪᠡ᠃ ᠲᠤᠬᠠᠶ ᠶᠢᠨ ᠲᠠᠯᠠᠪᠠᠶ ᠶᠢᠨ ᠪᠤᠰᠤ ᠬᠠᠤᠯᠢ ᠬᠡᠷᠡᠭᠵᠢᠭᠦᠯᠬᠦ ᠵᠡᠷᠭᠡ ᠤᠶᠠᠨ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠢᠲᠡᠭᠡᠮᠵᠢ ᠶᠢᠨ ᠤᠯᠠᠭᠠᠨ ᠬᠠᠷ᠎ᠠ ᠲᠠᠩᠰᠠ ᠶᠢᠨ ᠲᠦᠷᠢᠮ ᠢ ᠪᠠᠶᠢᠭᠤᠯᠤᠨ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠬᠠᠤᠯᠢ ᠠᠴᠠ ᠵᠥᠷᠢᠴᠡᠨ ᠢᠲᠡᠭᠡᠮᠵᠢ ᠠᠯᠳᠠᠭᠰᠠᠳ  ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠠᠷ ᠵᠢᠯᠣᠭᠤᠳᠬᠤ ᠲᠦᠷᠢᠮ ᠢ ᠨᠠᠶᠢᠳᠠᠪᠤᠷᠢᠵᠢᠭᠤᠯᠵᠤ᠂ ᠵᠠᠭᠤᠴᠢᠯᠠᠭᠤᠷ ᠢᠶᠠᠷ ᠳᠠᠮᠵᠢᠭᠤᠯᠤᠨ ︽ᠪᠠᠷᠠᠭᠠᠨ ᠤ ᠭᠦᠶᠯᠭᠡᠭᠡᠨ ᠤ ᠺᠣᠮᠫᠠᠨᠢ ᠶᠢᠨ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠬᠡᠷᠡᠭ︾᠂ ︽ᠪᠠᠷᠠᠭᠠᠨ ᠤ ᠲᠡᠭᠡᠭᠡᠪᠦᠷᠢ ᠶᠢᠨ ᠺᠣᠮᠫᠠᠨᠢ ᠶᠢᠨ ᠬᠠᠤᠯᠢ ᠠᠴᠠ ᠵᠥᠷᠢᠴᠡᠨ ᠬᠡᠮᠵᠢᠶ᠎ᠡ  ᠠᠴᠠ ᠬᠡᠲᠦᠷᠡᠭᠦᠯᠦᠨ ᠲᠡᠭᠡᠭᠡᠪᠦᠷᠢᠯᠡᠭᠰᠡᠨ ᠬᠡᠷᠡᠭ︾ ᠢᠶᠠᠷ ᠬᠡᠷᠡᠭ ᠤᠨ ᠵᠢᠱᠢᠶ᠎ᠡ ᠪᠠᠷ ᠵᠢᠯᠣᠭᠤᠳᠬᠤ ᠠᠵᠢᠯ ᠢ ᠦᠷᠨᠢᠭᠦᠯᠪᠡ᠃ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠲᠢᠩᠬᠢᠮ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠂ ᠦᠭᠡ ᠦᠯᠡᠳᠡᠭᠡᠬᠦ ᠵᠥᠪᠯᠡᠯᠭᠡ᠂ 12328 ᠪᠠ 12122 ᠵᠠᠭᠠᠯᠳᠤᠬᠤ ᠢᠯᠡᠴᠢᠯᠡᠨ ᠮᠡᠳᠡᠭᠦᠯᠬᠦ ᠬᠠᠯᠠᠭᠤᠨ ᠤᠲᠠᠰᠤ᠂ ᠠᠷᠠᠳ ᠤᠨ ᠰᠠᠨᠠᠭ᠎ᠠ ᠶᠢ ᠴᠤᠭᠯᠠᠭᠤᠯᠬᠤ᠂ ᠰᠦᠯᠵᠢᠶᠡᠨ ᠳᠡᠭᠡᠷ᠎ᠡ ᠪᠠᠶᠢᠴᠠᠭᠠᠬᠤ᠂ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃      ( ᠭᠤᠷᠪᠠ ) ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠲᠤᠰᠬᠠᠶᠢᠯᠠᠨ ᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠢ ᠠᠰᠢᠭᠯᠠᠨ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠬᠠᠤᠯᠢ ᠬᠡᠷᠡᠭᠵᠢᠭᠦᠯᠬᠦ ᠦᠨᠡᠮᠯᠡᠯ ᠳᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠬᠢᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠰᠢᠯᠤᠭᠤᠳᠬᠠᠬᠤ ᠶᠢᠨ ᠬᠠᠮᠲᠤ ᠳᠠᠬᠢᠨ ᠳᠡᠭᠡᠭᠰᠢ ᠮᠡᠳᠡᠭᠦᠯᠦᠨ ᠨᠤᠲᠠᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢᠨ ᠰᠢᠰᠲ᠋ᠧᠮ ᠳᠠᠬᠢ ᠬᠠᠤᠯᠢ ᠬᠡᠷᠡᠭᠵᠢᠭᠦᠯᠬᠦ ᠨᠢᠭᠡᠴᠢ ᠶᠢᠨ ᠴᠥᠮ ᠪᠡᠶ᠎ᠡ ᠪᠠᠨ ᠳᠠᠭᠠᠭᠠᠵᠤ ᠬᠠᠤᠯᠢ ᠬᠡᠷᠡᠭᠵᠢᠭᠦᠯᠬᠦ ᠡᠷᠬᠡ ᠲᠠᠢ ᠪᠠᠶᠢᠬᠤ ᠶᠢ ᠦᠨᠡᠨ ᠬᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠴᠢ ᠲᠡᠭᠦᠨ ᠤ ᠬᠠᠷᠢᠶ᠎ᠠ ᠰᠠᠯᠪᠤᠷᠢ ᠠᠩᠭᠢ᠂ ᠶᠡᠭᠡ ᠠᠩᠭᠢ ᠴᠥᠮ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠢᠯᠡ ᠨᠡᠶᠢᠲᠡᠯᠡᠬᠦ ᠶᠢ ᠪᠡᠶᠡᠯᠡᠭᠦᠯᠵᠦ᠂ ᠡᠯ᠎ᠡ ᠬᠠᠤᠯᠢ ᠬᠡᠷᠡᠭᠵᠢᠭᠦᠯᠬᠦ ᠨᠢᠭᠡᠴᠢ ᠶᠢᠨ ᠬᠠᠤᠯᠢ ᠬᠡᠷᠡᠭᠵᠢᠭᠦᠯᠬᠦ ᠡᠷᠬᠡ ᠶᠢ ᠪᠠᠲᠤᠯᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠬᠤ ᠡᠭᠡᠯᠵᠢᠯᠡᠨ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃      ᠲᠠᠪᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ      ( ᠨᠢᠭᠡ ) ᠪᠥᠬᠦ ᠲᠠᠯ᠎ᠠ ᠪᠠᠷ ᠬᠠᠤᠯᠢ ᠲᠦᠭᠡᠮᠡᠯᠵᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ 2020 ᠣᠨ ᠤ ︿ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ﹀ ᠤᠨ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠦᠵᠡᠭᠦᠯᠭᠡ ᠶᠢᠨ ᠰᠠᠮᠪᠠᠷ᠎ᠠ᠂ ᠬᠥᠨᠳᠡᠯᠡᠨ ᠪᠢᠴᠢᠭᠡᠰᠦ᠂ ᠡᠯᠧᠺᠲᠷᠣᠨ ᠳᠡᠯᠭᠡᠴᠡ ᠵᠡᠷᠭᠡ ᠬᠡᠯᠪᠡᠷᠢ ᠪᠠᠷ ᠳᠠᠮᠵᠢᠭᠤᠯᠤᠨ ᠦᠨᠳᠦᠰᠦᠨ ᠬᠠᠤᠯᠢ ᠶᠢᠨ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠪᠠ᠃ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠬᠡᠮᠵᠢᠶ᠎ᠡ  ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠥᠷᠲᠡᠭᠡ᠂ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ ᠪᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠵᠡᠷᠭᠡ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠠᠯᠠᠪᠤᠷ ᠥᠷᠲᠡᠭᠡ ᠶᠢ ᠠᠰᠢᠭᠯᠠᠨ ᠬᠠᠤᠯᠢ ᠪᠠᠷ ᠵᠠᠰᠠᠬᠤ ᠤᠬᠠᠭᠤᠯᠭ᠎ᠠ ᠪᠠ ᠬᠠᠤᠯᠢ ᠴᠠᠭᠠᠵᠠ ᠶᠢᠨ ᠯᠠᠪᠯᠠᠯᠭ᠎ᠠ  ᠶᠢᠨ ᠠᠵᠢᠯᠯᠠᠭ᠎ᠠ ᠶᠢ ᠦᠷᠨᠢᠭᠦᠯᠪᠡ᠃ ᠲᠤᠰᠬᠠᠶ ᠮᠡᠷᠭᠡᠵᠢᠯ ᠤᠨ ᠬᠠᠤᠯᠢᠴᠢ ᠶᠢ ᠤᠷᠢᠵᠤ ᠵᠢᠯᠣᠭᠤᠴᠢ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠭᠤᠯᠪᠠ᠃ ᠲᠢᠩᠬᠢᠮ ᠤᠨ ᠠᠯᠪᠠᠨ ᠰᠦᠯᠵᠢᠶᠡᠨ ᠳᠡᠭᠡᠷ᠎ᠡ ︽ᠢᠷᠭᠡᠨ ᠤ ᠬᠠᠤᠯᠢ ᠶᠢᠨ ᠪᠢᠴᠢᠭ︾ ᠤᠨ ᠪᠥᠬᠦ ᠠᠭᠤᠯᠭ᠎ᠠ ᠶᠢ ᠨᠡᠶᠢᠲᠡᠯᠡᠭᠰᠡᠨ ᠪᠥᠭᠡᠳ ᠲᠠᠶᠢᠯᠤᠮᠵᠢ ᠬᠢᠪᠠ᠃       ( ᠬᠤᠶᠠᠷ ) ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽2020 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠭᠦᠷᠭᠡ ᠶᠢᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠡᠭᠦᠷᠭᠡ ᠬᠠᠷᠢᠭᠤᠴᠠᠯᠭ᠎ᠠ ᠶᠢ ᠪᠣᠳᠠᠲᠠᠶ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠳᠤ ᠲᠣᠳᠤᠷᠬᠠᠶᠢᠯᠠᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠶᠢ ᠳ᠋ᠦᠩᠨᠡᠵᠦ ᠰᠢᠯᠭᠠᠨ ᠠᠪᠬᠤ ᠬᠠᠮᠢᠶ᠎ᠠ ᠪᠦᠬᠦᠢ ᠠᠵᠢᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠴᠠ ᠨᠠᠭᠠᠰᠢ ᠡᠯ᠎ᠡ ᠵᠦᠶᠯ ᠤᠨ ᠠᠵᠢᠯ ᠤᠨ ᠪᠠᠶᠢᠳᠠᠯ ᠢ ᠥᠪᠡᠰᠦᠪᠡᠨ ᠪᠠᠶᠢᠴᠠᠭᠠᠵᠤ ᠦᠨᠡᠯᠡᠨ ᠵᠢᠱᠢᠭᠰᠡᠨ ᠪᠠ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠭᠰᠡᠨ ᠪᠠᠶᠢᠨ᠎ᠠ᠃      ( ᠭᠤᠷᠪᠠ ) ᠬᠠᠤᠯᠢ ᠪᠠᠷ ᠵᠠᠰᠠᠬᠤ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠪᠠ᠃ ᠲᠤᠰᠬᠠᠶ ᠮᠡᠷᠭᠡᠵᠢᠯᠲᠡᠨ ᠢ ᠤᠷᠢᠵᠤ ︽ᠢᠷᠭᠡᠨ ᠤ ᠬᠠᠤᠯᠢ ᠶᠢᠨ ᠪᠢᠴᠢᠭ︾ ᠤᠨ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠸᠢᠳᠢᠣ᠋ ᠬᠡᠯᠪᠡᠷᠢ ᠪᠠᠷ 2020 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠪᠣᠯᠪᠠᠰᠤᠷᠠᠯ ᠪᠠ ᠰᠢᠯᠭᠠᠯᠲᠠ ᠦᠷᠨᠢᠭᠦᠯᠪᠡ ᠃ ᠲᠢᠩᠬᠢᠮ ᠤᠨ ᠰᠢᠭᠤᠳ ᠬᠠᠷᠢᠶ᠎ᠠ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ︽ᠬᠠᠤᠯᠢ ᠶᠢᠨ ᠤᠬᠠᠭᠤᠯᠭ᠎ᠠ ᠶᠢᠨ ᠰᠦᠯᠵᠢᠶ᠎ᠡ︾ ᠪᠠᠷ ᠳᠠᠮᠵᠢᠭᠤᠯᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠭᠤᠯᠬᠤ ᠶᠢᠨ ᠬᠠᠮᠲᠤ ᠰᠢᠯᠭᠠᠯᠲᠠ ᠶᠢ ᠵᠣᠬᠢᠶᠠᠨ ᠪᠠᠶᠢᠭᠤᠯᠵᠤ ᠰᠡᠳᠦᠪ ᠬᠠᠷᠢᠭᠤᠯᠵᠤ᠂ ᠰᠢᠯᠭᠠᠯᠲᠠ ᠶᠢᠨ ᠬᠢᠷᠢ ᠪᠦᠲᠦᠮᠵᠢ ᠶᠢ ᠣᠨ ᠤ ᠰᠢᠯᠭᠠᠨ ᠬᠢᠨᠠᠬᠤ ᠲᠠᠩᠰᠠ ᠡᠪᠬᠡᠮᠡᠯ ᠳᠤ ᠣᠷᠤᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ  ᠶᠢᠨ ᠬᠠᠤᠯᠢ ᠪᠠᠷ ᠵᠠᠰᠠᠬᠤ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠵᠢᠴᠢ ᠭᠤᠣᠯᠯᠠᠭᠴᠢ ᠪᠣᠯᠪᠠᠰᠤᠷᠠᠯ ᠤᠨ ᠠᠩᠭᠢ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠬᠠᠤᠯᠢ ᠪᠠᠷ ᠵᠠᠰᠠᠬᠤ ᠠᠵᠢᠯ ᠤᠨ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠦ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ᠂ ᠲᠤᠬᠠᠶᠢᠯᠠᠭᠰᠠᠨ ᠠᠵᠢᠯ ᠤᠨ ᠶᠣᠰᠣ ᠰᠤᠷᠲᠠᠬᠤᠨ ᠤ ᠲᠦᠪᠰᠢᠨ ᠢ ᠳᠡᠭᠡᠭᠰᠢᠯᠡᠭᠦᠯᠪᠡ᠃      ( ᠲᠦᠷᠪᠡ ) ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠪᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠪᠡ᠃ ᠲᠢᠩᠬᠢᠮ ᠤᠨ ᠠᠯᠪᠠᠨ ᠰᠦᠯᠵᠢᠶᠡᠨ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠨᠡᠶᠢᠲᠡ ᠳᠤ ᠬᠠᠤᠯᠢ ᠲᠦᠭᠡᠮᠡᠯᠵᠢᠭᠦᠯᠬᠦ ᠠᠵᠢᠯ ᠦᠷᠨᠢᠭᠦᠯᠪᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠵᠢᠴᠢ ︽ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠣᠯᠪᠠᠰᠤᠷᠠᠯ ᠤᠨ ᠠᠩᠭᠢ  ᠳᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠶᠠᠷᠢᠬᠤ ᠠᠷᠭ᠎ᠠ ᠬᠡᠯᠪᠡᠷᠢ  ᠪᠠᠷ ᠳᠠᠮᠵᠢᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠣᠷᠤᠯᠠᠨ ᠵᠠᠷᠭᠤ ᠬᠦᠯᠢᠶᠡᠭᠰᠡᠨ ᠬᠡᠷᠡᠭ ᠲᠤ᠂ ᠲᠢᠩᠬᠢᠮ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠲᠢᠩᠬᠢᠮ ᠤᠨ ᠰᠢᠭᠦᠯᠲᠡ ᠳᠤ ᠰᠤᠯᠠ ᠰᠣᠨᠣᠰᠴᠤ᠂ ᠰᠡᠷᠡᠮᠵᠢᠯᠡᠭᠦᠯᠬᠦ ᠬᠥᠮᠦᠵᠢᠯ ᠬᠢᠪᠡ᠃      ᠵᠢᠷᠭᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ ᠥᠷᠨᠢᠭᠦᠯᠬᠦ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠤᠳᠤᠷᠢᠳᠬᠤ ᠳᠤᠭᠤᠶᠢᠯᠠᠩ ( ᠥᠷᠭᠡᠳᠬᠡᠭᠰᠡᠨ ) ᠤᠨ ᠬᠤᠷᠠᠯ ᠢᠶᠠᠷ ᠳᠠᠮᠵᠢᠭᠤᠯᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃ ︽ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠪᠴᠢᠯᠠᠯ︾ ᠢ ᠨᠠᠶᠢᠷᠠᠭᠤᠯᠤᠨ ᠳᠠᠷᠤᠮᠠᠯᠯᠠᠵᠤ᠂ ᠪᠥᠬᠦ ᠰᠢᠰᠲ᠋ᠧᠮ ᠤᠨ ᠨᠢᠭᠡᠳᠦᠭᠡᠷ ᠹᠷᠣᠨᠲ ᠤᠨ ᠰᠠᠯᠠᠭ᠎ᠠ ᠮᠥᠴᠢᠷ  ᠲᠤ ᠴᠠᠭ ᠲᠤᠬᠠᠶ ᠲᠤ ᠨᠢ ᠲᠠᠷᠬᠠᠭᠠᠪᠠ᠃ ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠵᠠᠰᠠᠮᠠᠯ ᠵᠠᠮ᠂ ᠰᠦᠶᠳᠬᠡᠯ ᠬᠤᠷᠢᠶᠠᠬᠤ ᠥᠷᠲᠡᠭᠡ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠥᠷᠲᠡᠭᠡ ᠵᠡᠷᠭᠡ ᠲᠠᠯᠠᠪᠤᠷ ᠢᠶᠠᠷ ᠳᠠᠮᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠪᠠ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠤᠷᠢᠳ ᠬᠤᠵᠢᠳ ᠮᠡᠳᠡᠭᠳᠡᠯ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠪᠠ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠠᠬᠢᠭᠤᠯᠬᠤ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠳᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠪᠠᠲᠤᠯᠠᠭ᠎ᠠ ᠬᠠᠩᠭᠠᠬᠤ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠪᠠ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠢᠯ ᠲᠥᠷᠥᠯ ᠤᠨ ᠬᠢᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ ᠶᠢ ᠦᠨᠡᠨ ᠬᠦ ᠴᠢᠩᠭᠠᠳᠬᠠᠵᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠪᠠ ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭᠠᠨ ᠳᠤ ᠡᠭᠡᠯᠵᠢ ᠨᠡᠮᠡᠵᠦ ᠠᠵᠢᠯᠯᠠᠬᠤ ᠲᠡᠷᠭᠡ ᠶᠢᠨ ᠨᠡᠪᠲᠡᠷᠡᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠠᠵᠢᠯ ᠢ ᠡᠮᠬᠢ ᠵᠢᠷᠤᠮ ᠲᠠᠢ ᠰᠠᠶᠢᠲᠤᠷ ᠬᠢᠬᠦ ᠲᠤᠬᠠᠶ ᠲᠣᠬᠢᠷᠠᠭᠤᠯᠤᠨ ᠪᠠᠶᠢᠷᠢᠯᠠᠭᠤᠯᠪᠠ᠃      ᠳᠣᠯᠤᠭ᠎ᠠ᠂ ᠬᠦᠷᠦᠯᠴᠡᠬᠦ ᠥᠬᠡᠶ ᠲᠠᠯ᠎ᠠ ᠵᠢᠴᠢ ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ      ᠮᠠᠨ ᠤ ᠲᠢᠩᠬᠢᠮ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠬᠡᠳᠦᠶᠢᠪᠡᠷ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ᠂ ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠭᠦᠨᠴᠡ ᠪᠠ ᠥᠷᠭᠡᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠬᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠪᠠᠶᠢᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠬᠤ ᠵᠡᠷᠭᠡ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠃ ᠮᠠᠨ ᠤ ᠲᠢᠩᠬᠢᠮ ᠨᠢ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠪᠠᠨ ᠳᠣᠪᠣᠶᠢᠯᠭᠠᠵᠤ᠂ ᠣᠨᠢᠨ ᠳᠡᠭᠡᠷ᠎ᠡ ᠨᠢ ᠬᠦᠴᠦᠯᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠥᠷᠨᠢᠭᠦᠯᠵᠦ᠂ ᠡᠯ᠎ᠡ ᠵᠦᠶᠯ ᠤᠨ ᠬᠠᠤᠯᠢ ᠪᠠᠷ ᠵᠠᠰᠠᠬᠤ ᠪᠠᠶᠢᠭᠤᠯᠤᠯᠲᠠ  ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                               2021 ᠣᠨ ᠤ 2 ᠳ᠋ᠤᠭᠠᠷ ᠰᠠᠷ᠎ᠠ ᠶᠢᠨ 25 ᠤ ᠡᠳᠦᠷ
 
ᠢᠷᠡᠯᠲᠡ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号