2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/4/16
ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ 2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ᠶᠢ ᠡᠳᠦᠭᠡ   ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                   2021 ᠣᠨ ᠤ 4 ᠳ᠋ᠦ᠋ᠭᠡᠷ ᠰᠠᠷ᠎ᠠ ᠶᠢᠨ 6 ᠤ ᠡᠳᠦᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ        2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ      2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠪᠠᠰᠠ ᠴᠤ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠪᠴᠢᠯᠡᠨ ᠪᠦᠳᠦᠭᠡᠨ ᠪᠠᠶᠢᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠶ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠵᠤ᠂ ᠠᠵᠢᠯ ᠲᠥᠷᠥᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠ ᠠᠷᠠᠳ ᠲᠦᠮᠡᠨ ᠤ ᠬᠠᠨᠤᠮᠵᠢᠲᠠᠶ ᠵᠠᠮ ᠬᠠᠷᠢᠯᠴᠠᠭ᠎ᠠ ᠶᠢ ᠪᠥᠲᠥᠭᠡᠨ ᠪᠠᠶᠢᠭᠤᠯᠬᠤ ᠶᠢ ᠴᠢᠩᠭ᠎ᠠ ᠠᠳᠬᠤᠨ᠂ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢᠨ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠢᠲᠡᠭᠡᠮᠵᠢ ᠪᠠ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠠᠵᠢᠯ ᠲᠥᠷᠥᠯ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠨᠢᠭᠡ᠂ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢᠨ ᠪᠥᠳᠥᠭᠡᠨ ᠪᠠᠶᠢᠭᠤᠯᠤᠯᠲᠠ ᠶᠢ ᠭᠦᠨᠵᠡᠭᠡᠶ ᠲᠥᠯᠬᠢᠨ ᠠᠬᠢᠭᠤᠯᠤᠨ᠎ᠠ      ︵ᠨᠢᠭᠡ︶ ︽︿ᠢᠲᠡᠭᠡᠮᠵᠢᠲᠦ ᠵᠠᠮ ᠬᠠᠷᠢᠯᠴᠠᠭᠠᠨ ᠤ ᠮᠤᠵᠢ﹀ ᠶᠢᠨ ᠪᠥᠲᠥᠭᠡᠨ ᠪᠠᠶᠢᠭᠤᠯᠤᠯᠲᠠ ᠶᠢᠨ ᠦᠨᠡᠯᠡᠨ ᠵᠢᠱᠢᠬᠦ  ᠭᠦᠢᠴᠡᠳᠭᠡᠯ ᠲᠤᠭ᠎ᠠ ︵2021 ᠣᠨ ᠤ ᠬᠡᠪᠯᠡᠯ︶︾ ᠶᠢ ᠬᠢᠨᠠᠮᠠᠭᠠᠶ ᠲᠣᠭᠤᠰᠢᠯᠠᠭᠤᠯᠤᠨ᠎ᠠ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠥᠪᠡᠷ ᠢ ᠪᠠᠨ ᠦᠨᠡᠯᠡᠵᠦ ᠥᠪᠡᠷ ᠢ ᠪᠠᠨ ᠪᠠᠶᠢᠴᠠᠭᠠᠬᠤ ᠶᠢ ᠤᠯᠠᠮ ᠨᠢᠭᠡ ᠠᠯᠬᠤᠮ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠱᠠᠲᠤ ᠦᠶ᠎ᠡ ᠶᠢᠨ ᠳ᠋ᠦᠩᠨᠡᠯᠲᠡ ᠪᠠ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠤᠭᠲᠤᠨ᠎ᠠ᠃ ᠠᠶᠢᠮᠠᠭ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ ᠪᠠᠶᠢᠴᠠᠭᠠᠬᠤ ᠪᠠᠨ ᠴᠢᠩᠭᠠᠳᠬᠠᠨ᠎ᠠ᠃ ᠰᠢᠰᠲ᠋ᠧᠮ ᠤᠨ ᠳᠣᠲᠣᠭᠠᠳᠤ ᠳᠤ ᠨᠡᠶᠢᠲᠡᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠢᠰᠲ᠋ᠧᠮ ᠲᠠᠢ ᠪᠠᠷ ᠢᠯᠭᠠᠷᠠᠭᠤᠯᠤᠨ ᠵᠢᠷᠤᠮᠵᠢᠭᠤᠯᠤᠨ᠎ᠠ᠃ ᠨᠢᠭᠡ ᠪᠦᠯᠦᠭ ᠢᠲᠡᠭᠡᠮᠵᠢ ᠶᠢᠨ ᠬᠡᠷᠡᠭᠯᠡᠭᠡᠨ ᠤ ᠦᠵᠡᠭᠳᠡᠯ ᠪᠠ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠨᠡᠶᠢᠲᠡᠯᠡᠵᠦ ᠳᠡᠯᠭᠡᠷᠡᠭᠦᠯᠦᠨ᠎ᠡ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ ᠲᠢᠩᠬᠢᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠬᠠᠮᠲᠤ ᠪᠠᠷ ᠨᠠᠶᠢᠳᠠᠪᠤᠷᠢᠵᠢᠭᠤᠯᠤᠨ᠎ᠠ︶      ᠬᠤᠶᠠᠷ᠂ ᠢᠲᠡᠭᠡᠮᠵᠢ ᠪᠠ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ      ︵ᠬᠤᠶᠠᠷ︶ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠳᠡᠯᠭᠡᠷᠡᠭᠦᠯᠦᠨ᠎ᠡ᠃ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠳᠤᠲᠠᠭᠤ ᠶᠢ ᠪᠠᠭᠲᠠᠭᠠᠨ ᠭᠥᠯᠢᠶᠡᠨ ᠠᠪᠴᠤ ᠰᠢᠢᠳᠪᠦᠷᠢᠯᠡᠬᠦ ᠶᠢ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠢᠲᠡᠭᠡᠮᠵᠢ ᠶᠢᠨ ᠠᠮᠠᠯᠠᠯᠲᠠ ᠶᠢᠨ ᠬᠠᠮᠢᠶᠠᠷᠤᠯᠲᠠ ᠶᠢᠨ ᠲᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠢᠲᠡᠭᠡᠮᠵᠢ ᠶᠢᠨ ᠠᠮᠠᠯᠠᠯᠲᠠ ᠶᠢᠨ ᠪᠠᠷᠢᠮᠵᠢᠶ᠎ᠠ ᠶᠢᠨ ᠴᠤᠪᠤᠷᠠᠯ ᠵᠢᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ᠤᠨ ᠵᠠᠭᠪᠤᠷ ᠢ ᠵᠢᠷᠤᠮᠵᠢᠭᠤᠯᠵᠤ᠂ ︽ᠢᠲᠡᠭᠡᠮᠵᠢᠲᠦ ᠵᠠᠮ ᠬᠠᠷᠢᠯᠴᠠᠭ᠎ᠠ · ᠥᠪᠥᠷ ᠮᠣᠩᠭᠤᠯ︾ ᠰᠦᠯᠵᠢᠶ᠎ᠡ ᠪᠠᠷ ᠳᠠᠮᠵᠢᠭᠤᠯᠤᠨ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠨ᠎ᠠ᠃ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠵᠠᠰᠠᠭ ᠵᠠᠬᠢᠷᠭᠠᠨ ᠤ ᠵᠥᠪᠰᠢᠶᠡᠷᠡᠯ᠂ ᠬᠢᠷᠢ ᠬᠡᠮ ︵ᠬᠢᠷᠢ ᠬᠡᠮ︶ ᠢ ᠬᠢᠨᠠᠨ ᠬᠠᠷᠭᠤᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ᠂ ᠲᠤᠰᠬᠠᠶ  ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ ᠵᠡᠷᠭᠡ ᠭᠤᠭᠴᠤᠭ᠎ᠠ ᠳᠤ ᠬᠡᠷᠡᠭᠯᠡᠬᠦ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠪᠥᠭᠡᠳ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠭᠰᠠᠨ ᠪᠠᠶᠢᠪᠠᠯ᠂ ᠲᠡᠷᠡ ᠳᠠᠷᠤᠶ ᠳᠤ ᠨᠢ ᠰᠢᠢᠳᠪᠦᠷᠢᠯᠡᠵᠦ᠂ ᠤᠷᠢᠳ ᠢᠶᠠᠷ ᠰᠢᠢᠳᠪᠦᠷᠢᠯᠡᠬᠦ ᠬᠡᠷᠡᠭᠲᠡᠶ᠃ ᠭᠡᠷ᠎ᠡ ᠶᠢ ᠭᠦᠢᠴᠡᠳᠭᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠬᠡᠷᠡᠭ ᠤᠨ ᠳᠤᠮᠳᠠᠬᠢ ᠪᠠ  ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ᠂ ᠭᠡᠷ᠎ᠡ ᠶᠢ ᠭᠦᠢᠴᠡᠳᠭᠡᠭᠰᠡᠨ ᠥᠬᠡᠶ ᠭᠤᠤᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠵᠠᠰᠠᠮᠠᠯ ᠵᠠᠮ ᠤᠨ ᠭᠠᠵᠠᠷ᠂ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ︶      ︵ᠭᠤᠷᠪᠠ︶ ᠢᠲᠡᠭᠡᠮᠵᠢ ᠶᠢ ᠦᠨᠡᠯᠡᠬᠦ ᠪᠠ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠥᠷᠨᠢᠭᠦᠯᠦᠨ᠎ᠡ᠃ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠵᠠᠮ ᠲᠡᠭᠡᠭᠡᠪᠦᠷᠢ ᠶᠢᠨ ᠠᠶᠤᠯᠬᠦᠢ ᠦᠢᠯᠡᠳᠪᠦᠷᠢᠯᠡᠯ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠲᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠵᠣᠬᠢᠴᠠᠩᠭᠤᠢ ᠦᠨᠡᠯᠡᠯᠲᠡ ᠶᠢᠨ ᠪᠠᠷᠢᠮᠵᠢᠶ᠎ᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠤᠨ᠎ᠠ᠃ 2020 ᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ᠂ ᠤᠰᠤᠨ ᠲᠡᠭᠡᠭᠡᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ  ᠲᠤᠷᠰᠢᠯᠲᠠ ᠬᠢᠵᠦ ᠪᠠᠶᠢᠴᠠᠭᠠᠨ ᠰᠢᠯᠭᠠᠬᠤ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 2020 ᠣᠨ ᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠪᠠ ᠵᠠᠮ ᠲᠡᠭᠡᠭᠡᠪᠦᠷᠢ ᠶᠢᠨ ᠵᠢᠯᠣᠭᠤᠴᠢ ᠶᠢᠨ ᠦᠨᠡᠨᠴᠢ ᠢᠲᠡᠭᠡᠮᠵᠢ ᠶᠢ ᠰᠢᠯᠭᠠᠨ ᠬᠢᠨᠠᠬᠤ ᠶᠢ ᠥᠷᠨᠢᠭᠦᠯᠦᠨ᠎ᠡ᠃ ᠤᠯᠠᠭᠠᠨ ᠬᠠᠷ᠎ᠠ ᠲᠠᠩᠰᠠ ᠶᠢᠨ ᠲᠦᠷᠢᠮ ᠢ ᠪᠦᠷᠢᠨᠰᠢᠬᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠠᠵᠢᠯ ᠡᠷᠭᠢᠯᠡᠬᠦ ᠠᠵᠤ ᠠᠬᠤᠶᠢᠯᠠᠯ ᠪᠠ ᠠᠵᠢᠯ ᠡᠷᠭᠢᠯᠡᠭᠰᠡᠳ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ ᠶᠢᠨ ︽ᠬᠠᠷ᠎ᠠ ᠲᠠᠩᠰᠠ︾ ᠶᠢ ᠪᠠᠶᠢᠭᠤᠯᠤᠨ᠎ᠠ᠃ 2020 ᠣᠨ ᠤ ᠠᠮᠤᠷ ᠲᠦᠪᠰᠢᠨ ᠤ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠵᠡᠷᠭᠡ ᠦᠨᠡᠨᠴᠢ ᠢᠲᠡᠭᠡᠮᠵᠢ ᠶᠢᠨ ᠨᠡᠷᠡᠰ ᠢ ᠨᠡᠶᠢᠲᠡᠯᠡᠨ᠎ᠡ᠃ ︵ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠵᠠᠰᠠᠮᠠᠯ ᠵᠠᠮ ᠤᠨ ᠭᠠᠵᠠᠷ᠂ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ᠂ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ︶      ︵ᠳᠥᠷᠪᠡ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ ᠥᠷᠨᠢᠭᠦᠯᠦᠨ᠎ᠡ᠃ ᠬᠦᠨᠳᠦ ᠨᠣᠴᠢᠲᠠᠶ ᠬᠠᠤᠯᠢ ᠠᠴᠠ ᠵᠥᠷᠢᠴᠡᠨ ᠢᠲᠡᠭᠡᠯ ᠢᠶᠠᠨ ᠠᠯᠳᠠᠵᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠠᠤᠯᠢ ᠠᠴᠠ ᠵᠥᠷᠢᠴᠡᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠪᠠ ᠬᠠᠮᠢᠶ᠎ᠠ ᠪᠥᠬᠦᠶ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠮᠡᠳᠡᠭᠡ ᠵᠠᠩᠭᠢ ᠶᠢ ᠮᠠᠭᠠᠳᠯᠠᠨ ᠲᠣᠭᠲᠠᠭᠠᠬᠤ᠂ ᠢᠯᠡ ᠨᠡᠶᠢᠲᠡᠯᠡᠬᠦ ᠪᠠ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠢᠲᠡᠭᠡᠯ ᠲᠠᠢ ᠪᠠᠶᠢᠬᠤ ᠶᠢ ᠬᠤᠯᠪᠣᠭᠠᠯᠠᠨ ᠤᠷᠮᠠᠰᠢᠭᠤᠯᠬᠤ᠂ ᠢᠲᠡᠭᠡᠯ ᠢᠶᠠᠨ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠰᠤᠳᠤᠯᠤᠨ᠎ᠠ᠃ ᠠᠶᠤᠯᠭᠦᠶ ᠦᠢᠯᠡᠳᠪᠦᠷᠢᠯᠡᠯ ᠤᠨ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠮᠡᠳᠡᠭᠡ ᠵᠠᠩᠭᠢ ᠬᠢᠭᠡᠳ ᠮᠥᠩᠭᠦᠨ ᠭᠦᠢᠯᠭᠡᠭᠡᠨ ᠤ ᠮᠡᠳᠡᠭᠡ ᠵᠠᠩᠭᠢ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠵᠦ ᠡᠮᠬᠢᠯᠡᠨ ᠨᠡᠶᠢᠯᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ︽ᠢᠲᠡᠭᠡᠮᠵᠢ ᠲᠠᠢ ᠪᠣᠯ ᠶᠠᠪᠤᠵᠤ ᠰᠠᠭᠤᠬᠤ ᠳᠤ ᠬᠢᠯᠪᠠᠷ︾ ᠵᠡᠷᠭᠡ ᠠᠵᠢᠯ ᠲᠥᠷᠥᠯ ᠤᠨ ︽ᠢᠲᠡᠭᠡᠮᠵᠢ ᠲᠠᠢ ᠪᠣᠯ ᠬᠢᠯᠪᠠᠷ +︾ ᠪᠠᠷᠢᠯᠭ᠎ᠠ ᠶᠢ ᠠᠬᠢᠭᠤᠯᠤᠨ᠎ᠠ᠃ ︵ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠵᠠᠰᠠᠮᠠᠯ ᠵᠠᠮ ᠤᠨ ᠭᠠᠵᠠᠷ᠂ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ︶      ︵ᠲᠠᠪᠤ︶ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠠᠶᠢᠭᠤᠯᠤᠨ᠎ᠠ᠃ ᠢᠲᠡᠭᠡᠮᠵᠢ ᠶᠢ ᠰᠡᠷᠭᠦᠭᠡᠬᠦ ᠲᠣᠭᠲᠠᠭᠠᠯ ᠢ ᠰᠤᠳᠤᠯᠤᠨ ᠲᠣᠭᠲᠠᠭᠠᠵᠤ᠂ ᠰᠡᠷᠭᠦᠭᠡᠬᠦ ᠠᠷᠭ᠎ᠠ ᠮᠠᠶ᠋ᠢᠭ ᠪᠠ ᠲᠠᠰ ᠳᠠᠷᠠᠭᠠᠯᠠᠯ ᠢ ᠲᠣᠳᠣᠷᠬᠠᠶᠢᠯᠠᠨ᠂ ᠥᠪᠡᠷ ᠢ ᠪᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠰᠢᠨᠡᠴᠢᠯᠡᠬᠦ ᠳᠤ ᠠᠰᠢᠭᠲᠠᠶ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠠᠶᠢᠭᠤᠯᠤᠨ᠎ᠠ᠃ ᠢᠲᠡᠭᠡᠮᠵᠢ ᠶᠢ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠲᠣᠭᠲᠠᠴᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ ᠰᠡᠷᠭᠦᠭᠡᠬᠦ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠨ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠢᠲᠡᠭᠡᠮᠵᠢ ᠢᠶᠠᠨ ᠰᠡᠷᠭᠦᠭᠡᠬᠦ ᠶᠢ ᠭᠤᠶᠤᠴᠢᠯᠠᠬᠤ ᠶᠢ ᠵᠣᠷᠢᠭᠵᠢᠭᠤᠯᠤᠨ ᠳᠡᠮᠵᠢᠨ᠎ᠡ᠃ ᠰᠡᠷᠭᠦᠭᠡᠵᠦ ᠳᠠᠭᠤᠰᠤᠭᠰᠠᠨ ᠤ ᠳᠠᠷᠠᠭ᠎ᠠ ᠲᠠᠰ ᠳᠠᠷᠠᠭᠠᠯᠠᠯ ᠶᠣᠰᠣᠭᠠᠷ ᠢᠲᠡᠭᠡᠯ ᠠᠯᠳᠠᠭᠰᠠᠨ ᠲᠡᠮᠳᠡᠭᠯᠡᠯ ᠢ ᠢᠯᠡ ᠨᠡᠶᠢᠲᠡᠯᠡᠬᠦ ᠶᠢ ᠴᠠᠭ ᠲᠤᠬᠠᠶ ᠳᠤ ᠨᠢ ᠵᠣᠭᠰᠣᠭᠠᠵᠤ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠵᠣᠭᠰᠣᠭᠠᠬᠤ ᠬᠡᠷᠡᠭᠲᠡᠶ᠃ ︵ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠵᠠᠰᠠᠮᠠᠯ ᠵᠠᠮ ᠤᠨ ᠭᠠᠵᠠᠷ᠂ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ᠂ ᠠᠶᠤᠯᠭᠦᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ︶      ᠭᠤᠷᠪᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠦᠨ᠎ᠡ      ︵ᠵᠢᠷᠭᠤᠭ᠎ᠠ︶ ᠢᠲᠡᠭᠡᠮᠵᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠢᠯ ᠲᠥᠷᠥᠯ ᠤᠨ ᠣᠲᠣ ᠶᠢᠨ ᠪᠠᠶᠢᠭ᠎ᠠ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠵᠣᠯᠭᠠᠭᠤᠯᠤᠨ ᠨᠡᠶᠢᠯᠡᠭᠦᠯᠬᠦ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠤᠰᠤᠳ ᠬᠠᠮᠢᠶ᠎ᠠ ᠪᠥᠬᠦᠶ ᠮᠡᠳᠡᠭᠡ ᠵᠠᠩᠭᠢ ᠶᠢᠨ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠎ᠡ᠃ ︽ᠢᠲᠡᠭᠡᠮᠵᠢᠲᠦ ᠵᠠᠮ ᠬᠠᠷᠢᠯᠴᠠᠭ᠎ᠠ · ᠥᠪᠥᠷ ᠮᠣᠩᠭᠤᠯ︾ ᠤᠨ ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠦᠯᠵᠢᠶᠡᠨ ᠤ ᠪᠣᠷᠣ ᠲᠥᠯᠥᠪ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ︶      ︵ᠳᠣᠯᠤᠭ᠎ᠠ︶ ᠢᠲᠡᠭᠡᠮᠵᠢ ᠶᠢᠨ ᠲᠤᠭ᠎ᠠ ᠪᠠᠷᠢᠮᠲᠠ ᠶᠢ ᠬᠠᠮᠢᠶᠠᠷᠴᠤ ᠬᠡᠷᠡᠭᠯᠡᠬᠦ ᠶᠢ ᠵᠢᠷᠤᠮᠵᠢᠭᠤᠯᠤᠨ ᠥᠷᠨᠢᠭᠦᠯᠦᠨ᠎ᠡ᠃ ᠬᠠᠤᠯᠢ ᠶᠣᠰᠣᠨ ᠤ᠂ ᠴᠢᠬᠤᠯᠠ ᠪᠥᠬᠦᠶ ᠵᠠᠷᠴᠢᠮ ᠢ ᠦᠨᠳᠦᠰᠦᠯᠡᠨ᠂ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠤᠮᠢᠵᠤ ᠬᠤᠷᠢᠶᠠᠬᠤ᠂ ᠬᠠᠮᠲᠤ ᠪᠠᠷ ᠭᠥᠷᠳᠡᠬᠦ ᠪᠠ ᠢᠯᠡ ᠪᠣᠯᠭᠠᠬᠤ ᠶᠢ ᠦᠷᠨᠢᠭᠦᠯᠦᠨ᠎ᠡ᠃ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠠᠶᠤᠯᠭᠦᠢ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠤᠮᠢᠵᠤ ᠬᠤᠷᠢᠶᠠᠬᠤ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠬᠠᠷᠢᠴᠠᠭᠤᠯᠵᠤ ᠪᠣᠯᠬᠤ᠂ ᠶᠠᠪᠤᠴᠠ ᠶᠢ ᠮᠥᠷᠳᠡᠵᠦ ᠪᠣᠯᠬᠤ᠂ ᠠᠰᠠᠭᠤᠳᠠᠯ ᠢ ᠬᠢᠨᠠᠨ ᠬᠡᠮᠵᠢᠵᠦ ᠪᠣᠯᠬᠤ ᠶᠢ ᠠᠬᠢᠭᠤᠯᠤᠨ᠎ᠠ᠃ ︽ᠢᠲᠡᠭᠡᠮᠵᠢᠲᠦ ᠵᠠᠮ ᠬᠠᠷᠢᠯᠴᠠᠭ᠎ᠠ · ᠥᠪᠥᠷ ᠮᠣᠩᠭᠤᠯ︾ ᠤᠨ ᠰᠦᠯᠵᠢᠶ᠎ᠡ ᠶᠢ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ  ᠶᠡᠷᠦᠩᠬᠡᠶ ᠴᠤᠩᠬᠤᠪᠴᠢ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠵᠡᠷᠭᠡ ᠡᠯ᠎ᠡ ᠲᠥᠷᠥᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠦᠨᠡᠯᠡᠯᠲᠡ᠂ ᠬᠤᠯᠪᠣᠭᠠᠯᠠᠨ ᠱᠠᠩᠨᠠᠵᠤ ᠲᠣᠷᠭᠠᠬᠤ ᠪᠣᠳᠠᠲᠤ ᠵᠢᠱᠢᠶ᠎ᠡ ᠵᠡᠷᠭᠡ ᠠᠭᠤᠯᠭ᠎ᠠ ᠶᠢ ᠴᠠᠭ ᠲᠤᠬᠠᠶ ᠳᠤ ᠨᠢ ᠢᠯᠡ ᠨᠡᠶᠢᠲᠡᠯᠡᠨ᠎ᠡ᠃ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤ ᠨᠢ ᠠᠵᠢᠯ ᠲᠥᠷᠥᠯ ᠤᠨ ᠡᠯ᠎ᠡ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠢᠯᠡ ᠨᠡᠶᠢᠲᠡᠯᠡᠵᠦ ᠢᠯᠡ ᠪᠣᠯᠭᠠᠨ᠎ᠠ᠃ ︵ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠵᠠᠰᠠᠮᠠᠯ ᠵᠠᠮ ᠤᠨ ᠭᠠᠵᠠᠷ᠂ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ︶      ᠳᠥᠷᠪᠡ᠂ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ      ︵ᠨᠠᠢᠮᠠ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠭᠡᠷ᠎ᠡ ᠶᠢ ᠭᠦᠢᠴᠡᠳᠭᠡᠬᠦ ᠪᠠ ᠠᠮᠠᠯᠠᠯᠲᠠ ᠪᠠᠨ ᠰᠠᠬᠢᠬᠤ ᠦᠢᠯᠡᠴᠢᠯᠡᠭᠡ ᠶᠢ ᠣᠨ ᠤ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ ᠰᠠᠯᠠᠭ᠎ᠠ ᠮᠥᠴᠢᠷ ᠪᠠ ᠠᠯᠪᠠᠨ ᠲᠤᠰᠢᠶᠠᠯᠲᠠᠨ ᠤ ᠢᠲᠡᠭᠡᠯ ᠠᠯᠳᠠᠭᠰᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠲᠦᠷᠢᠮ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠠᠤᠯᠢ ᠶᠢ ᠬᠡᠷᠡᠭᠵᠢᠭᠦᠯᠬᠦ ᠵᠢᠷᠤᠮ ᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ ᠪᠠ ᠵᠢᠷᠤᠮᠵᠢᠭᠤᠯᠬᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 2021 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠷᠠᠳ  ᠤᠨ ᠠᠮᠢᠳᠤᠷᠠᠯ ᠤᠨ ᠪᠣᠳᠠᠲᠤ ᠶᠠᠪᠤᠳᠠᠯ ᠲᠠᠢ ᠨᠡᠩ ᠣᠶᠢᠷᠠᠳᠴᠤ ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠨᠡᠶᠢᠲᠡᠯᠡᠨ᠎ᠡ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠠᠯᠪᠠᠨ ᠬᠡᠷ᠂ ᠠᠵᠢᠯᠲᠠᠨ ᠤ ᠶᠠᠪᠤᠳᠠᠯ ᠤᠨ ᠰᠤᠷᠭᠠᠨ ᠬᠥᠮᠦᠵᠢᠯ ᠤᠨ ᠭᠠᠵᠠᠷ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ︶      ︵ᠶᠢᠰᠦ︶ ᠠᠯᠪᠠᠲᠠᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠠᠯᠪᠠᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠵᠤ᠂ ᠠᠯᠪᠠᠲᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠳᠤ ᠬᠠᠤᠯᠢ ᠠᠴᠠ ᠵᠥᠷᠢᠴᠡᠵᠦ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠭᠠᠷᠪᠠᠯ᠂ ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠨᠢᠭᠡᠴᠢ ᠳᠤ ᠮᠡᠳᠡᠭᠳᠡᠬᠦ ᠬᠡᠷᠡᠭᠲᠡᠶ︔ ᠠᠵᠢᠯᠲᠠᠳ ᠬᠠᠤᠯᠢ ᠠᠴᠠ ᠵᠥᠷᠢᠴᠡᠨ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠭᠠᠷᠪᠠᠯ᠂ ᠲᠣᠭᠲᠠᠭᠠᠯ ᠶᠣᠰᠣᠭᠠᠷ ᠪᠠᠶᠢᠭ᠎ᠠ ᠨᠢᠭᠡᠴᠢ ᠳᠤ ᠨᠢ ᠮᠡᠳᠡᠭᠳᠡᠬᠦ ᠬᠡᠷᠡᠭᠲᠡᠶ᠃ ᠢᠲᠡᠭᠡᠯ ᠢᠶᠠᠨ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠬᠠᠤᠯᠢ ᠶᠣᠰᠣᠭᠠᠷ ᠵᠢᠭᠰᠠᠭᠠᠭᠳᠠᠭᠰᠠᠨ ᠬᠥᠮᠦᠰ ᠢ ᠠᠯᠪᠠᠲᠠᠨ ᠪᠣᠯᠭᠠᠨ ᠡᠯᠰᠡᠨ ᠬᠡᠷᠡᠭᠯᠡᠵᠦ ᠪᠣᠯᠬᠤ ᠥᠬᠡᠶ᠃ ︵ᠠᠵᠢᠯᠲᠠᠨ ᠤ ᠶᠠᠪᠤᠳᠠᠯ ᠤᠨ ᠰᠤᠷᠭᠠᠨ ᠬᠥᠮᠦᠵᠢᠯ ᠤᠨ ᠭᠠᠵᠠᠷ︶      ︵ᠠᠷᠪᠠ︶ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠦᠷᠭᠦᠯᠵᠢᠯᠡᠨ ᠰᠠᠶᠢᠲᠤᠷ ᠬᠢᠨ᠎ᠠ᠃ 2021 ᠣᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠦᠮᠡᠨ ᠭᠠᠵᠠᠷ ᠤᠨ ᠠᠶᠠᠯᠠᠯ︾ ︽ᠢᠲᠡᠭᠡᠮᠵᠢᠲᠦ ᠵᠠᠮ ᠬᠠᠷᠢᠯᠴᠠᠭᠠᠨ ᠤ ᠤᠬᠠᠭᠤᠯᠭ᠎ᠠ ᠶᠢᠨ ᠰᠠᠷ᠎ᠠ︾ ︽ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠰᠠᠷ᠎ᠠ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠣᠭᠤᠷᠢᠭ ᠪᠠᠶᠢᠭᠤᠯᠤᠭᠰᠠᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠣᠨᠴᠠᠯᠢᠭᠲᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠶᠢᠵᠢᠭᠤᠯᠤᠨ ᠪᠣᠶ ᠪᠣᠯᠭᠠᠵᠤ᠂ ᠢᠲᠡᠭᠡᠯ ᠠᠯᠳᠠᠭᠰᠠᠨ ᠬᠡᠷᠡᠭ ᠤᠨ ᠵᠢᠱᠢᠶ᠎ᠡ ᠶᠢ ᠢᠯᠡᠴᠢᠯᠡᠵᠦ᠂ ᠢᠲᠡᠭᠡᠮᠵᠢ ᠶᠢᠨ ᠬᠡᠷᠡᠭ ᠤᠨ ᠵᠢᠱᠢᠶ᠎ᠡ ᠶᠢ ᠴᠤᠭᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠢᠲᠡᠭᠡᠮᠵᠢ ᠶᠢ ᠰᠤᠷᠬᠤ᠂ ᠢᠲᠡᠭᠡᠮᠵᠢ ᠶᠢ ᠣᠶᠢᠯᠠᠭᠠᠬᠤ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠰᠠᠬᠢᠬᠤ︾ ᠰᠠᠶᠢᠨ ᠰᠠᠶᠢᠬᠠᠨ ᠣᠷᠴᠢᠨ ᠪᠠᠶᠢᠳᠠᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ  ᠲᠠᠰᠤᠭ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ ᠬᠠᠮᠲᠤ ᠪᠠᠷ ᠨᠠᠶᠢᠳᠠᠪᠤᠷᠢᠵᠢᠭᠤᠯᠤᠨ᠎ᠠ︶      ︵ᠠᠷᠪᠠᠨ ᠨᠢᠭᠡ︶ ᠢᠲᠡᠭᠡᠮᠵᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠲᠡᠭᠡᠮᠵᠢ ᠶᠢᠨ ᠲᠤᠰᠬᠠᠶ ᠰᠡᠳᠦᠪᠲᠦ ᠪᠣᠯᠪᠠᠰᠤᠷᠠᠯ ᠪᠠ ᠡᠯ᠎ᠡ ᠲᠥᠷᠥᠯ ᠤᠨ ᠢᠲᠡᠭᠡᠮᠵᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠣᠭᠤᠰᠢᠯᠠᠭᠤᠯᠬᠤ ᠪᠣᠯᠪᠠᠰᠤᠷᠠᠯ ᠢ ᠥᠷᠨᠢᠭᠦᠯᠵᠦ᠂ ᠢᠲᠡᠭᠡᠮᠵᠢ ᠶᠢᠨ ᠬᠠᠮᠢᠶᠠᠷᠤᠯᠲᠠ ᠶᠢᠨ ᠡᠩᠨᠡᠭᠡ ᠶᠢᠨ ᠠᠵᠢᠯᠲᠠᠨ ᠤ ᠠᠵᠢᠯ ᠡᠷᠭᠢᠯᠡᠬᠦ ᠮᠡᠷᠭᠡᠵᠢᠯ ᠴᠢᠳᠠᠪᠤᠷᠢ ᠪᠠ ᠬᠡᠪ ᠴᠢᠨᠠᠷ ᠢ ᠨᠢ ᠳᠡᠭᠡᠭᠰᠢᠯᠡᠭᠦᠯᠦᠨ᠂ ᠢᠲᠡᠭᠡᠮᠵᠢ ᠶᠢᠨ ᠰᠤᠷᠤᠯᠴᠠᠯᠭ᠎ᠠ ᠶᠢ ᠤᠳᠤᠷᠢᠳᠬᠤ ᠺᠠᠳ᠋ᠷᠴᠤᠳ ᠤᠨ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠤᠨ᠎ᠠ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠠᠵᠢᠯᠲᠠᠨ ᠤ ᠶᠠᠪᠤᠳᠠᠯ ᠤᠨ ᠰᠤᠷᠭᠠᠨ ᠬᠥᠮᠦᠵᠢᠯ ᠤᠨ ᠭᠠᠵᠠᠷ ᠲᠦᠷᠦᠭᠦᠯᠡᠵᠦ᠂ ᠲᠢᠩᠬᠢᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ  ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠬᠠᠮᠲᠤ ᠪᠠᠷ ᠨᠠᠶᠢᠳᠠᠪᠤᠷᠢᠵᠢᠭᠤᠯᠤᠨ᠎ᠠ︶      ︵ᠠᠷᠪᠠᠨ ᠬᠤᠶᠠᠷ︶ ᠢᠲᠡᠭᠡᠮᠵᠢ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠤᠯ ᠢ ᠴᠢᠩᠭᠠᠳᠬᠠᠨ᠎ᠠ᠃ ᠢᠲᠡᠭᠡᠮᠵᠢ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠬᠠᠤᠯᠢ ᠪᠠᠷ ᠵᠠᠰᠠᠬᠤ ᠪᠠᠲᠤᠯᠠᠭ᠎ᠠ᠂ ᠬᠠᠷᠠᠯᠲᠠᠲᠤ ᠡᠭᠦᠷᠭᠡ᠂ ᠠᠷᠭ᠎ᠠ ᠵᠠᠮ ᠵᠡᠷᠭᠡ ᠰᠤᠳᠤᠯᠭᠠᠨ ᠢ ᠥᠷᠨᠢᠭᠦᠯᠬᠦ ᠶᠢ ᠠᠬᠢᠭᠤᠯᠤᠨ᠎ᠠ᠃ ︽ᠬᠤᠶᠠᠷ ᠢ ᠲᠠᠰᠢᠷᠠᠮ ᠳᠠᠭᠠᠤ ᠬᠢᠵᠦ ᠨᠢᠭᠡ ᠶᠢ ᠢᠯᠡ ᠪᠣᠯᠭᠠᠬᠤ︾ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠮᠡᠳᠡᠭᠡ ᠵᠠᠩᠭᠢᠴᠢᠯᠠᠯᠲᠠ ᠶᠢᠨ ᠬᠢᠨᠠᠯᠲᠠ ᠬᠠᠮᠢᠶᠠᠷᠤᠯᠲᠠ ᠪᠠᠷ ᠲᠤᠯᠭᠠᠭᠤᠷᠢᠯᠠᠯ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ︶      ᠲᠠᠪᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ      ︵ᠠᠷᠪᠠᠨ ᠭᠤᠷᠪᠠ︶ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠢᠩᠬᠢᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠳᠡᠭᠡᠳᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠰᠠᠭᠠᠳ ᠥᠬᠡᠶ ᠪᠥᠭᠡᠳ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ ᠠᠬᠢᠭᠤᠯᠤᠨ᠎ᠠ᠃ ᠢᠲᠡᠭᠡᠮᠵᠢ ᠶᠢᠨ ᠠᠵᠢᠯ ᠢ ᠨᠡᠶᠢᠲᠡᠯᠡᠨ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠰᠢᠮᠳᠠᠭᠤᠯᠤᠨ ᠪᠠᠶᠢᠴᠠᠭᠠᠵᠤ᠂ ᠢᠲᠡᠭᠡᠮᠵᠢ ᠶᠢᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠬᠠᠮᠵᠢᠯᠴᠠᠨ᠂ ᠲᠢᠩᠬᠢᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠰ ᠲᠣᠰ ᠬᠠᠷᠢᠭᠤᠴᠠᠨ᠎ᠠ︶      ︵ᠠᠷᠪᠠᠨ ᠳᠥᠷᠪᠡ︶ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︵ᠡᠳ᠋ ᠤᠨ ᠶᠠᠪᠤᠳᠠᠯ ᠤᠨ ᠭᠠᠵᠠᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ︶      ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠲᠥᠰᠦᠯ ᠲᠠᠢ ᠬᠠᠷᠢᠴᠠᠭᠤᠯᠤᠨ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠠᠵᠢᠯ ᠤᠨ ᠲᠥᠰᠦᠯ ᠢᠶᠠᠨ ᠲᠣᠭᠲᠠᠭᠠᠨ᠂ ᠴᠠᠭ ᠤᠨ ᠠᠬᠢᠴᠠ᠂ ᠪᠣᠳᠠᠲᠠᠶ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠲᠣᠰ ᠭᠤᠤᠯᠳᠠᠯᠭ᠎ᠠ ᠶᠢ ᠡᠬᠡ ᠲᠠᠩᠰᠠ ᠶᠢᠨ ᠬᠡᠯᠪᠡᠷᠢ ᠪᠠᠷ ᠰᠠᠷ᠎ᠠ ᠶᠢᠨ ᠲᠣᠬᠢᠷᠠᠭᠤᠯᠤᠯᠲᠠ ᠬᠢᠵᠦ᠂ ᠤᠳᠤᠷᠢᠳᠬᠤ ᠳᠤᠭᠤᠶᠢᠯᠠᠩ ᠤᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠠᠬᠢᠭᠤᠯᠵᠤ᠂ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤ ᠨᠢ ᠰᠢᠮᠳᠠᠭᠤᠯᠤᠨ ᠪᠠᠶᠢᠴᠠᠭᠠᠵᠤ᠂ ᠴᠢᠬᠤᠯᠠ ᠵᠦᠢᠯᠡᠰ  ᠢ ᠨᠠᠮ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠶ᠃    ᠬᠠᠮᠢᠶ᠎ᠠ ᠪᠥᠬᠦᠶ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ 2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ᠶᠢᠨ ᠲᠤᠬᠠᠶ ᠲᠠᠶᠢᠯᠤᠮᠵᠢ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号