︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ 2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ᠶᠢᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/4/20
     ᠨᠢᠭᠡ᠂ ᠲᠣᠭᠤᠷᠪᠢᠬᠤ ᠠᠬᠤᠶ ᠪᠠᠶᠢᠳᠠᠯ      ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ  ᠶᠢ ᠲᠦᠷᠭᠡᠳᠬᠡᠨ ᠪᠠᠶᠢᠭᠤᠯᠬᠤ ᠪᠣᠯ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠲᠦᠮᠡᠨ ᠤ ᠬᠠᠨᠤᠮᠵᠢᠲᠠᠶ ᠵᠠᠮ ᠬᠠᠷᠢᠯᠴᠠᠭ᠎ᠠ ᠶᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠲᠤᠬᠠᠶ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠪᠦᠬᠦᠯᠢ ᠴᠣᠭᠴᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠡᠷᠬᠡ ᠠᠰᠢᠭ ᠢ ᠬᠠᠮᠠᠭᠠᠯᠠᠬᠤ᠂ ᠪᠣᠯᠭᠤᠮᠵᠢᠲᠠᠶ ᠪᠥᠭᠡᠳ ᠲᠣᠬᠢᠷᠠᠮᠵᠢᠲᠠᠶ ᠪᠠᠶᠢᠯᠭᠠᠬᠤ᠂ ᠨᠠᠷᠢᠨ ᠬᠠᠭᠤᠳᠠᠰᠤ ᠶᠢ ᠬᠠᠮᠢᠶᠠᠷᠬᠤ ᠶᠡᠷᠦᠩᠬᠡᠶ ᠰᠡᠳᠬᠢᠮᠵᠢ ᠶᠣᠰᠣᠭᠠᠷ᠂ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢᠨ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠵᠢᠴᠢ ᠮᠠᠨ ᠤ ᠲᠢᠩᠬᠢᠮ ᠤᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠢᠲᠡᠭᠡᠮᠵᠢ ᠪᠠ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠲᠦᠷᠭᠡᠳᠬᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠤ᠂ ᠠᠵᠢᠯ ᠲᠥᠷᠥᠯ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠣᠰ ᠭᠤᠤᠯᠳᠠᠯᠭ᠎ᠠ ᠶᠢ ᠲᠤᠭᠤᠷᠪᠢᠪᠠ᠃     ᠬᠤᠶᠠᠷ᠂ ᠭᠤᠣᠯ ᠠᠭᠤᠯᠭ᠎ᠠ ᠪᠠ ᠦᠨᠳᠦᠰᠦᠨ ᠪᠣᠷᠣ ᠲᠥᠯᠥᠪ      ︽ᠭᠤᠤᠯᠳᠠᠯᠭ᠎ᠠ︾ ᠨᠢ ᠭᠤᠤᠯᠳᠠᠭᠤ 5 ᠬᠡᠰᠡᠭ᠂ 14 ᠵᠦᠢᠯ ᠤᠨ ᠠᠵᠢᠯ ᠤᠨ ᠡᠭᠦᠷᠭᠡ ᠪᠠᠷ ᠪᠦᠷᠢᠯᠳᠦᠪᠡ᠃     ᠨᠢᠭᠡᠳᠦᠭᠡᠷ ᠬᠡᠰᠡᠭ ᠨᠢ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠬᠤ ᠵᠢᠴᠢ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢ ᠤᠯᠠᠮ ᠨᠢᠭᠡ ᠠᠯᠬᠤᠮ ᠡᠭᠦᠳᠦᠨ ᠪᠠᠶᠢᠭᠤᠯᠬᠤ ᠲᠠᠯ᠎ᠠ ᠪᠠᠷ᠂ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠠ᠃      ᠬᠤᠶᠠᠳᠤᠭᠠᠷ ᠬᠡᠰᠡᠭ ᠨᠢ ᠢᠲᠡᠭᠡᠮᠵᠢ ᠪᠠ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠭᠤᠤᠯᠳᠠᠭᠤ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠳᠡᠯᠭᠡᠷᠡᠭᠦᠯᠬᠦ᠂ ᠢᠲᠡᠭᠡᠮᠵᠢ ᠶᠢᠨ ᠦᠨᠡᠯᠡᠯᠲᠡ ᠬᠢᠬᠦ ᠪᠠ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠥᠷᠨᠢᠭᠦᠯᠬᠦ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ ᠥᠷᠨᠢᠭᠦᠯᠬᠦ᠂ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠠᠶᠢᠭᠤᠯᠬᠤ ᠵᠡᠷᠭᠡ 4 ᠲᠠᠯ᠎ᠠ ᠠᠴᠠ ᠠᠵᠢᠯ ᠤᠨ ᠱᠠᠭᠠᠷᠳᠠᠯᠭ᠎ᠠ ᠳᠤᠷᠠᠳᠪᠠ᠃      ᠭᠤᠷᠪᠠᠳᠤᠭᠠᠷ ᠬᠡᠰᠡᠭ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠭᠤᠤᠯᠳᠠᠭᠤ ᠢᠲᠡᠭᠡᠮᠵᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ᠢᠲᠡᠭᠡᠮᠵᠢ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠡᠷᠡᠭᠯᠡᠯᠲᠡ ᠶᠢ ᠵᠢᠷᠤᠮᠵᠢᠭᠤᠯᠤᠨ ᠥᠷᠨᠢᠭᠦᠯᠬᠦ 2 ᠲᠠᠯ᠎ᠠ ᠠᠴᠠ ᠠᠵᠢᠯ ᠤᠨ ᠱᠠᠭᠠᠷᠳᠠᠯᠭ᠎ᠠ ᠳᠤᠷᠠᠳᠪᠠ᠃      ᠳᠥᠷᠪᠡᠳᠦᠭᠡᠷ ᠬᠡᠰᠡᠭ ᠨᠢ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠭᠤᠤᠯᠳᠠᠭᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠠᠯᠪᠠᠲᠠᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠰᠠᠶᠢᠲᠤᠷ ᠬᠢᠬᠦ᠂ ᠢᠲᠡᠭᠡᠮᠵᠢ ᠶᠢᠨ ᠪᠣᠯᠪᠠᠰᠤᠷᠠᠯ ᠢ ᠥᠷᠨᠢᠭᠦᠯᠬᠦ᠂ ᠢᠲᠡᠭᠡᠮᠵᠢ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠭᠠᠨ ᠢ ᠴᠢᠩᠭᠠᠳᠬᠠᠬᠤ ᠵᠡᠷᠭᠡ 5 ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠪᠠ᠃      ᠲᠠᠪᠤᠳᠤᠭᠠᠷ ᠬᠡᠰᠡᠭ ᠨᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠭᠤᠤᠯᠳᠠᠭᠤ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠪᠠ᠃      ᠭᠤᠷᠪᠠ᠂ ᠡᠭᠦᠷᠭᠡ ᠶᠢᠨ ᠱᠠᠭᠠᠷᠳᠠᠯᠭ᠎ᠠ      ᠨᠢᠭᠡ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠲᠢᠩᠬᠢᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠰᠠᠭᠠᠳ ᠥᠬᠡᠶ ᠪᠥᠭᠡᠳ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ ᠠᠬᠢᠭᠤᠯᠤᠨ᠎ᠠ᠃ ᠢᠲᠡᠭᠡᠮᠵᠢ ᠶᠢᠨ ᠠᠵᠢᠯ ᠢ ᠨᠡᠶᠢᠲᠡᠯᠡᠨ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠵᠤ ᠂ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠰᠢᠮᠳᠠᠭᠤᠯᠤᠨ ᠪᠠᠶᠢᠴᠠᠭᠠᠵᠤ᠂ ᠢᠲᠡᠭᠡᠮᠵᠢ ᠶᠢᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃      ᠬᠤᠶᠠᠷ ᠲᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠲᠥᠰᠦᠯ ᠲᠠᠢ ᠬᠠᠷᠢᠴᠠᠭᠤᠯᠤᠨ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠠᠵᠢᠯ ᠤᠨ ᠲᠥᠰᠦᠯ ᠲᠣᠭᠲᠠᠭᠠᠵᠤ᠂ ᠴᠠᠭ ᠤᠨ ᠠᠬᠢᠴᠠ᠂ ᠪᠣᠳᠠᠲᠠᠶ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ 2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号