︽ᠰᠢᠦᠳᠠᠨ ᠤ ᠵᠦᠢᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠤᠨ ᠬᠠᠮᠢᠶᠠᠷᠤᠯᠲᠠ ᠶᠢᠨ ᠠᠷᠭ᠎ᠠ ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/21
     2021 ᠣᠨ ᠤ 2 ᠳ᠋ᠤᠭᠠᠷ ᠰᠠᠷ᠎ᠠ ᠶᠢᠨ 8 ᠤ ᠡᠳᠦᠷ᠂ ︽ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ 2021 ᠣᠨ ᠤ 3 ᠳ᠋ᠤᠭᠠᠷ ᠰᠠᠷ᠎ᠠ  ᠶᠢᠨ 12 ᠤᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠯ᠎ᠡ ᠱᠠᠲᠤᠨ ᠤ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠯᠪᠤᠭᠳᠠᠯ ᠪᠦᠬᠦᠢ ᠠᠵᠤ ᠠᠬᠤᠶᠢᠯᠠᠯ᠂ ᠠᠵᠢᠯᠯᠠᠭᠰᠠᠳ ᠪᠠ ᠥᠷᠭᠡᠨ ᠣᠯᠠᠨ ᠬᠡᠷᠡᠭᠯᠡᠭᠴᠢᠳ ᠬᠠᠮᠢᠶ᠎ᠠ ᠪᠦᠬᠦᠢ ᠠᠭᠤᠯᠭ᠎ᠠ ᠶᠢ ᠨᠡᠩ ᠰᠠᠶᠢᠲᠤᠷ ᠣᠶᠢᠯᠠᠭᠠᠵᠤ᠂ ᠲᠤᠰ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠄      ᠨᠢᠭᠡ᠂ ᠲᠣᠭᠲᠠᠭᠠᠭᠰᠠᠨ ᠠᠬᠤᠢ ᠪᠠᠶᠢᠳᠠᠯ      ᠤᠢᠢᠷ᠎ᠠ ᠶᠢᠨ ᠵᠢᠯ ᠤᠨ ᠲᠤᠷᠰᠢ᠂ ᠮᠠᠨ ᠤ ᠤᠯᠤᠰ ᠤᠨ ᠰᠢᠦᠳᠠᠨ ᠤ ᠦᠢᠯᠡᠰ ᠨᠢ ᠲᠠᠪᠠᠯᠳᠠᠳᠤ ᠬᠥᠭᠵᠢᠯᠲᠡ  ᠶᠢ ᠪᠡᠶᠡᠯᠡᠭᠦᠯᠵᠦ᠂ ᠢᠯᠡᠬᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠪᠴᠢᠶ᠎ᠡ ᠨᠢ ᠳᠡᠯᠡᠬᠡᠢ ᠶᠢᠨ ᠲᠡᠷᠢᠭᠦᠨ ᠳᠤ ᠲᠣᠭᠲᠠᠭᠤᠨ ᠪᠠᠶᠢᠷᠢᠯᠠᠪᠠ᠃ ᠰᠢᠦᠳᠠᠨ ᠤ ᠵᠦᠢᠯ ᠲᠦᠷᠭᠡᠨ ᠢᠯᠡᠭᠡᠯᠲᠡ ᠶᠢᠨ ᠵᠦᠢᠯ ᠤᠨ ᠪᠣᠭᠤᠳᠠᠯ ᠠᠴᠠ ᠪᠣᠯᠤᠭᠰᠠᠨ ᠡᠬᠢ ᠪᠠᠶᠠᠯᠢᠭ ᠤᠨ ᠬᠤᠷᠣᠭᠳᠠᠭᠤᠯᠤᠯ᠂ ᠣᠷᠴᠢᠨ ᠠᠬᠤᠢ ᠶᠢᠨ ᠪᠣᠬᠢᠷᠲᠤᠯ ᠵᠡᠷᠭᠡ ᠠᠰᠠᠭᠤᠳᠠᠯ ᠳᠤ ᠴᠢᠭᠯᠡᠭᠦᠯᠦᠨ᠂ ᠲᠥᠪ ᠬᠤᠷᠢᠶ᠎ᠠ ᠠᠴᠠ ᠠᠷᠪᠢᠯᠠᠨ ᠭᠠᠮᠨᠠᠵᠤ ᠣᠷᠴᠢᠨ ᠠᠬᠤᠢ ᠶᠢ ᠬᠠᠮᠠᠭᠠᠯᠠᠬᠤ ᠶᠢ ᠠᠩᠬᠠᠷᠴᠤ᠂ ᠬᠡᠳᠦ ᠪᠣᠭᠤᠳᠠᠯᠯᠠᠬᠤ  ᠶᠢ ᠲᠡᠪᠴᠢᠵᠦ᠂ ᠪᠦᠷᠢᠯᠭᠡᠨ ᠰᠦᠢᠳᠬᠡᠬᠦ ᠪᠠ ᠣᠷᠴᠢᠨ ᠠᠬᠤᠢ ᠶᠢ ᠪᠣᠬᠢᠷᠲᠤᠭᠤᠯᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠱᠠᠭᠠᠷᠳᠠᠪᠠ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠢ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠲᠦᠷᠭᠡᠨ ᠬᠦᠷᠭᠡᠯᠲᠡ  ᠶᠢᠨ ᠲᠦᠷ ᠬᠡᠷᠡᠭᠵᠢᠭᠦᠯᠬᠦ ᠲᠦᠷᠢᠮ︾ ᠳᠤ ᠲᠦᠷᠭᠡᠨ ᠬᠦᠷᠭᠡᠯᠲᠡ ᠶᠢᠨ ᠪᠣᠭᠤᠳᠠᠯ ᠢ ᠰᠢᠯᠢᠳᠡᠭᠵᠢᠭᠦᠯᠬᠦ᠂ ᠪᠠᠭᠠᠰᠬᠠᠬᠤ ᠂ ᠬᠤᠷᠢᠶᠠᠨ ᠠᠪᠬᠤ ᠵᠡᠷᠭᠡ ᠳᠤ ᠲᠣᠭᠲᠠᠭᠠᠯ ᠭᠠᠷᠭᠠᠭᠰᠠᠨ ᠪᠥᠭᠡᠳ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠲᠥᠪ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠦᠶᠯᠡᠳᠦᠯᠭᠡᠵᠢᠭᠦᠯᠦᠨ᠂ ᠠᠵᠢᠯ ᠲᠥᠷᠥᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠶᠢᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠢ ᠦᠨᠳᠦᠰᠦᠯᠡᠨ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠣᠭᠲᠠᠭᠠᠵᠤ᠂ ᠲᠦᠷᠢᠮ ᠤᠨ ᠬᠠᠩᠭᠠᠯᠭ᠎ᠠ ᠶᠢ ᠴᠢᠩᠭᠠᠳᠬᠠᠨ᠂ ᠬᠠᠤᠯᠢ ᠲᠦᠷᠢᠮ ᠤᠨ ᠪᠠᠲᠤᠯᠠᠭ᠎ᠠ ᠶᠢ ᠴᠢᠩᠭᠠᠳᠬᠠᠬᠤ ᠴᠢᠬᠤᠯᠠᠲᠠᠶ᠃      ᠬᠤᠶᠠᠷ᠂ ᠲᠣᠭᠲᠠᠭᠠᠭᠰᠠᠨ ᠶᠠᠪᠤᠴᠠ      ᠤᠯᠤᠰ ᠤᠨ ᠰᠢᠦᠳᠠᠨ ᠤ ᠲᠣᠪᠴᠢᠶ᠎ᠠ 2020 ᠣᠨ ᠤ 1 ᠳ᠋ᠦ᠋ᠭᠡᠷ ᠰᠠᠷ᠎ᠠ ᠳᠤ ︽ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠬᠤ ᠠᠵᠢᠯ ᠢ ᠡᠬᠢᠯᠡᠭᠦᠯᠵᠦ᠂ ᠤᠷᠢᠳ ᠬᠤᠵᠢᠳ ᠣᠯᠠᠨ ᠤᠳᠠᠭ᠎ᠠ ᠠᠵᠤ ᠠᠬᠤᠶᠢᠯᠠᠯ ᠤᠨ ᠶᠠᠷᠢᠯᠴᠠᠬᠤ ᠬᠤᠷᠠᠯ᠂ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ᠂ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠶᠢ ᠵᠤᠬᠢᠶᠠᠨ ᠪᠠᠶᠢᠭᠤᠯᠬᠤ ᠶᠢᠨ ᠬᠠᠮᠲᠤ᠂ ᠲᠤᠭᠤᠷᠪᠢᠬᠤ ᠶᠠᠪᠤᠴᠠ ᠳᠤ ᠬᠠᠮᠢᠶ᠎ᠠ ᠪᠥᠬᠦᠶ ᠶᠠᠮᠤᠨ ᠵᠥᠪᠯᠡᠯ᠂ ᠢᠯᠡᠭᠡᠨ ᠬᠦᠷᠭᠡᠬᠦ ᠠᠵᠤ ᠠᠬᠤᠶᠢᠯᠠᠯ᠂ ᠪᠣᠭᠤᠳᠠᠯᠯᠠᠵᠤ ᠦᠶᠯᠡᠳᠪᠦᠷᠢᠯᠡᠬᠦ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠢᠭᠡᠴᠢ ᠶᠢᠨ ᠰᠠᠨᠠᠯ ᠰᠠᠨᠠᠭᠤᠯᠭ᠎ᠠ ᠶᠢ ᠭᠦᠶᠴᠡᠳ ᠬᠤᠷᠢᠶᠠᠪᠠ᠃ 2020 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ︽ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠤᠨ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠤᠷᠠᠭ︶︾ ᠨᠢ ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠪᠠ᠃ ᠡᠭᠦᠨ ᠤ ᠰᠠᠭᠤᠷᠢᠨ ᠳᠡᠭᠡᠷ᠎ᠡ᠂ ᠤᠯᠤᠰ ᠤᠨ ᠰᠢᠦᠳᠠᠨ  ᠤ ᠲᠣᠪᠴᠢᠶ᠎ᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠠᠴᠠ 2020 ᠣᠨ ᠤ 11 ᠳ᠋ᠦ᠋ᠭᠡᠷ ᠰᠠᠷ᠎ᠠ ᠶᠢᠨ 5  ᠤ ᠡᠳᠦᠷ ︽ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠤᠨ ᠬᠠᠮᠢᠶᠠᠷᠤᠯᠲᠠ ᠶᠢᠨ ᠠᠷᠭ᠎ᠠ ︵ᠬᠢᠨᠠᠭᠤᠯᠬᠤ ᠪᠠᠷ ᠬᠦᠷᠭᠡᠬᠦ ᠨᠣᠤᠷᠠᠭ︶︾ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ 2021 ᠣᠨ ᠤ 2 ᠳ᠋ᠤᠭᠠᠷ ᠰᠠᠷ᠎ᠠ ᠶᠢᠨ 3 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠶᠠᠪᠤᠳᠠᠯ ᠤᠨ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠪᠠ᠃      ᠭᠤᠷᠪᠠ᠂ ᠭᠤᠣᠯ ᠠᠭᠤᠯᠭ᠎ᠠ      ︽ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠤᠨ ᠬᠠᠮᠢᠶᠠᠷᠤᠯᠲᠠ ᠶᠢᠨ ᠠᠷᠭ᠎ᠠ︾  ᠶᠢ ᠶᠡᠷᠦᠩᠬᠡᠶ ᠲᠦᠷᠢᠮ᠂ ᠪᠣᠭᠤᠳᠠᠯ ᠰᠣᠩᠭᠤᠨ ᠬᠡᠷᠡᠭᠯᠡᠬᠦ᠂ ᠪᠣᠭᠤᠲᠠᠯᠯᠠᠵᠤ ᠠᠵᠢᠯᠯᠠᠬᠤ᠂ ᠬᠢᠨᠠᠵᠤ ᠬᠠᠮᠢᠶᠠᠷᠬᠤ᠂ ᠬᠠᠤᠯᠢ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠵᠦᠢᠯ 6 ᠪᠦᠯᠦᠭ᠂ ᠨᠡᠶᠢᠲᠡ 47 ᠵᠦᠢᠯ ᠬᠤᠪᠢᠶᠠᠪᠠ᠃ ᠭᠤᠤᠯ ᠠᠭᠤᠯᠭ᠎ᠠ ᠳᠤ᠄ ᠨᠢᠭᠡ ᠳᠤ᠂ ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠶᠯ ᠤᠨ ᠪᠣᠭᠤᠳᠠᠯ ᠤᠨ ᠬᠠᠮᠢᠶᠠᠷᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠪᠠ᠂ ᠡᠭᠦᠨ ᠳᠤ ᠢᠯᠡᠭᠡᠨ ᠬᠦᠷᠭᠡᠬᠦ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠨᠢᠭᠡᠳᠦᠯᠲᠡᠶ ᠬᠠᠮᠢᠶᠠᠷᠬᠤ ᠬᠠᠷᠢᠭᠤᠴᠠᠯᠭ᠎ᠠ᠂ ᠪᠣᠭᠤᠳᠠᠯᠯᠠᠵᠤ ᠬᠡᠷᠡᠭᠯᠡᠬᠦ ᠶᠡᠷᠦᠩᠬᠡᠶ ᠱᠠᠭᠠᠷᠳᠠᠯᠭ᠎ᠠ᠂ ᠬᠤᠯᠪᠣᠭᠳᠠᠬᠤ ᠠᠵᠤ ᠦᠶᠯᠡᠰ ᠤᠨ ᠬᠠᠮᠵᠢᠯᠴᠠᠭ᠎ᠠ᠂ ᠦᠶᠯᠡᠳᠪᠦᠷᠢᠯᠡᠬᠦ ᠵᠢᠭᠠᠬᠤ ᠰᠤᠳᠤᠯᠬᠤ ᠶᠢᠨ ᠬᠠᠮᠲᠤᠷᠠᠯᠴᠠᠭ᠎ᠠ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠡᠷᠭᠡ ᠪᠠᠭᠲᠠᠨ᠎ᠠ᠃ ᠬᠤᠶᠠᠷ  ᠲᠤ᠂ ᠪᠣᠭᠤᠳᠠᠯ ᠢ ᠰᠣᠩᠭᠤᠨ ᠬᠡᠷᠡᠭᠯᠡᠬᠦ ᠱᠠᠭᠠᠷᠳᠠᠯᠭ᠎ᠠ ᠶᠢ ᠲᠣᠳᠤᠷᠬᠠᠶᠢᠯᠠᠵᠤ᠂ ᠡᠭᠦᠨ ᠳᠤ ᠪᠣᠭᠤᠳᠠᠯᠯᠠᠬᠤ ᠡᠳ᠋ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠬᠡᠷᠡᠭᠵᠢᠭᠦᠯᠬᠦ᠂ ᠲᠣᠭᠲᠠᠭᠠᠯ ᠶᠣᠰᠣᠭᠠᠷ ᠣᠷᠴᠢᠨ ᠠᠬᠤᠶ ᠶᠢᠨ ᠬᠠᠮᠠᠭᠠᠯᠠᠯᠲᠠ ᠶᠢᠨ ᠮᠠᠲ᠋ᠧᠷᠢᠶᠠᠯ ᠢ ᠬᠡᠷᠡᠭᠯᠡᠬᠦ᠂ ᠪᠣᠭᠤᠳᠠᠯᠯᠠᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠵᠡᠷᠭᠡ ᠵᠦᠶᠯᠡᠰ ᠪᠠᠭᠲᠠᠨ᠎ᠠ᠃ ᠭᠤᠷᠪᠠ ᠳᠤ᠂ ᠪᠣᠭᠤᠳᠠᠯᠯᠠᠵᠤ ᠠᠵᠢᠯᠯᠠᠬᠤ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠡᠭᠦᠨ ᠳᠤ ᠠᠵᠢᠯᠯᠠᠬᠤ ᠵᠢᠷᠤᠮᠵᠢᠯ ᠢ ᠲᠣᠭᠲᠠᠭᠠᠬᠤ᠂ ᠠᠵᠢᠯ ᠡᠷᠭᠢᠯᠡᠭᠰᠡᠳ ᠤᠨ ᠪᠣᠯᠪᠠᠰᠤᠷᠠᠯ᠂ ᠪᠣᠭᠤᠳᠠᠯᠯᠠᠵᠤ ᠠᠵᠢᠯᠯᠠᠬᠤ ᠠᠷᠭ᠎ᠠ᠂ ᠪᠣᠭᠤᠳᠠᠯ ᠢ ᠬᠤᠷᠢᠶᠠᠨ ᠠᠪᠴᠤ ᠳᠠᠬᠢᠨ ᠠᠰᠢᠭᠯᠠᠬᠤ ᠵᠡᠷᠭᠡ ᠠᠭᠤᠯᠭ᠎ᠠ ᠪᠠᠭᠲᠠᠨ᠎ᠠ᠃ ᠳᠥᠷᠪᠡ ᠳᠤ᠂ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠨᠠᠷᠢᠯᠢᠭᠵᠢᠭᠤᠯᠵᠤ᠂ ᠡᠭᠦᠨ ᠳᠤ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠪᠠᠶᠢᠴᠠᠭᠠᠬᠤ ᠠᠭᠤᠯᠭ᠎ᠠ᠂ ᠪᠣᠳᠠᠲᠠᠶ ᠪᠠᠶᠢᠴᠠᠭᠠᠬᠤ ᠠᠷᠭ᠎ᠠ ᠬᠡᠮᠵᠢᠶ᠎ᠡ᠂ ᠪᠣᠭᠤᠳᠠᠯ ᠤᠨ ᠨᠣᠮᠧᠷ ᠵᠢᠴᠢ ᠡᠬᠢ ᠡᠭᠦᠰᠦᠯ ᠠᠴᠠ ᠨᠢ ᠡᠷᠢᠬᠦ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠵᠢᠴᠢ ᠵᠣᠬᠢᠶᠠᠨ ᠪᠠᠶᠢᠭᠤᠯᠵᠤ ᠦᠨᠡᠯᠡᠨ ᠵᠢᠱᠢᠬᠦ᠂ ᠢᠲᠡᠭᠡᠮᠵᠢ ᠶᠢᠨ ᠬᠠᠮᠢᠶᠠᠷᠤᠯᠲᠠ᠂ ᠢᠯᠡᠴᠢᠯᠡᠨ ᠮᠡᠳᠡᠭᠦᠯᠵᠦ ᠰᠢᠶᠳᠪᠦᠷᠢᠯᠡᠬᠦ ᠵᠡᠷᠭᠡ ᠪᠠᠭᠲᠠᠨ᠎ᠠ᠃      ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ᠰᠢᠦᠳᠠᠨ ᠤ ᠵᠦᠶᠯ ᠲᠦᠷᠭᠡᠨ ᠢᠯᠡᠭᠡᠯᠲᠡ ᠶᠢᠨ ᠵᠦᠢᠯ ᠤᠨ ᠪᠣᠭᠤᠳᠠᠯ ᠤᠨ ᠬᠠᠮᠢᠶᠠᠷᠤᠯᠲᠠ ᠶᠢᠨ ᠠᠷᠭ᠎ᠠ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 1 ᠳ᠋ᠦ᠋ᠭᠡᠷ ᠲᠣᠭᠠᠲᠤ︶      ᠰᠢᠯᠵᠢᠭᠦᠯᠦᠨ ᠨᠡᠶᠢᠲᠡᠯᠡᠬᠦ ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号