2021-05-10 00:30:00
ᠨᠡᠶᠢᠲᠡᠯᠡᠭᠰᠡᠨ ᠴᠠᠭ᠄
2021/5/10
     2021 ᠣᠨ ᠤ 5 ᠳ᠋ᠤᠭᠠᠷ ᠰᠠᠷ᠎ᠠ ᠶᠢᠨ 10 ᠤ ᠡᠳᠦᠷ ᠤᠨ 12 ᠴᠠᠭ 23 ᠮᠢᠨᠦ᠋ᠲ ᠲᠤ᠂ ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠷᠤᠭᠰᠢ ᠶᠠᠪᠤᠬᠤ ᠴᠢᠭᠯᠡᠯ ᠤᠨ K1582+300 ᠭᠠᠵᠠᠷ ᠲᠤ ᠨᠢᠭᠡᠨ ᠬᠠᠳᠤᠵᠤ ᠬᠤᠷᠢᠶᠠᠬᠤ ᠮᠠᠰᠢᠨ ᠢ ᠲᠡᠭᠡᠭᠡᠭᠰᠡᠨ ᠪᠠᠷᠠᠭᠠᠨ ᠤ ᠲᠡᠷᠭᠡ ᠨᠢ ᠬᠥᠪᠦᠩ ᠲᠡᠭᠡᠭᠡᠭᠰᠡᠨ ᠪᠠᠷᠠᠭᠠᠨ ᠤ ᠲᠡᠷᠭᠡ ᠲᠠᠢ ᠮᠦᠷᠭᠦᠭᠰᠡᠨ ᠤ ᠳᠠᠷᠠᠭ᠎ᠠ᠂ ᠮᠦᠷᠭᠦᠭᠰᠡᠨ ᠲᠡᠷᠭᠡ ᠬᠦᠰᠬᠡ ᠨᠢ ᠠᠶᠠᠨᠳᠠᠭᠠᠨ ᠰᠢᠲᠠᠵᠤ᠂ ᠵᠠᠮ ᠬᠠᠷᠢᠯᠴᠠᠭᠠᠨ ᠤ ᠴᠠᠭᠳᠠᠭ᠎ᠠ ᠠᠴᠠ ᠠᠳᠡᠭᠳᠡᠯ ᠤᠨ ᠲᠤᠬᠠᠢ ᠶᠢᠨ ᠲᠠᠯᠠᠪᠠᠢ ᠤᠨ ᠵᠠᠮ ᠤᠨ ᠬᠡᠰᠡᠭ ᠲᠠᠬᠢ ᠵᠠᠮ ᠬᠠᠷᠢᠯᠴᠠᠭ᠎ᠠ ᠶᠢ ᠪᠢᠲᠡᠭᠦᠮᠵᠢᠯᠡᠵᠦ᠂ ᠪᠢᠲᠡᠭᠦᠮᠵᠢᠯᠡᠭᠰᠡᠨ ᠴᠠᠭ ᠨᠢ ᠥᠷᠯᠦᠭᠡ ᠶᠢᠨ 0 ᠴᠠᠭ 30 ᠮᠢᠨᠦ᠋ᠲ ᠪᠣᠯᠤᠨ᠎ᠠ᠃ ᠮᠠᠨ ᠤ ᠠᠷᠠᠴᠢᠯᠠᠨ ᠬᠠᠮᠠᠭᠠᠯᠠᠬᠤ ᠭᠠᠵᠠᠷ ᠨᠢ ᠥᠷᠯᠥᠭᠡ ᠶᠢᠨ 2 ᠴᠠᠭ 30 ᠮᠢᠨᠦ᠋ᠲ ᠲᠤ᠂ ᠬᠦᠮᠦᠨ ᠲᠣᠮᠢᠯᠠᠨ ᠲᠤᠬᠠᠢ ᠶᠢᠨ ᠲᠠᠯᠠᠪᠠᠢ ᠶᠢᠨ ᠬᠤᠭ ᠨᠣᠪᠰᠢ ᠶᠢ ᠴᠡᠪᠡᠷᠯᠡᠭᠦᠯᠦᠨ᠂ 4 ᠴᠠᠭ 30 ᠮᠢᠨᠦ᠋ᠲ ᠲᠤ ᠴᠡᠪᠡᠷᠯᠡᠵᠦ ᠳᠠᠭᠤᠰᠪᠠ᠃ 6 ᠴᠠᠭ ᠲᠤ ᠵᠠᠮ ᠤᠨ ᠶᠠᠪᠤᠳᠠᠯ ᠤᠨ ᠮᠡᠳᠡᠭᠳᠡᠯ ᠢ ᠬᠦᠯᠢᠶᠡᠵᠦ ᠠᠪᠤᠨ ᠳᠣᠷᠤᠭᠰᠢ ᠶᠠᠪᠤᠬᠤ ᠴᠢᠭᠯᠡᠯ ᠤᠨ K1583+300 ᠭᠠᠵᠠᠷ ᠲᠤ ᠭᠤᠷᠪᠠᠨ ᠲᠡᠷᠭᠡ ᠮᠦᠷᠭᠦᠭᠰᠡᠨ ᠠᠳᠡᠭᠳᠡᠯ ᠭᠠᠷᠴᠤ᠂ ᠣᠳᠤ ᠵᠠᠮ ᠬᠠᠷᠢᠯᠴᠠᠭᠠᠨ ᠤ ᠴᠠᠭᠳᠠᠭ᠎ᠠ᠂ ᠵᠠᠮ ᠤᠨ ᠶᠠᠪᠤᠳᠠᠯ ᠪᠠ ᠭᠠᠯ ᠢ ᠰᠡᠷᠭᠡᠶᠢᠯᠡᠬᠦ ᠠᠵᠢᠯᠲᠠᠨ ᠠᠴᠠ ᠠᠳᠡᠭᠳᠡᠯ ᠳᠤ ᠰᠢᠷᠬᠠᠲᠤᠭᠰᠠ ᠬᠦᠮᠦᠨ ᠳᠤ ᠡᠪᠳᠡᠯᠡᠨ ᠵᠠᠳᠠᠯᠬᠤ ᠠᠪᠤᠷᠠᠯᠲᠠ ᠬᠢᠵᠦ ᠪᠠᠶᠢᠨ᠎ᠠ᠃      ᠰᠠᠭᠠᠳ ᠲᠠᠢ ᠵᠠᠮ ᠤᠨ ᠬᠡᠰᠡᠭ᠄ K1582+300 ᠳᠣᠷᠤᠭᠰᠢ ᠶᠠᠪᠤᠬᠤ ᠴᠢᠭᠯᠡᠯ      ᠲᠠᠰᠤᠯᠤᠭᠰᠠᠨ ᠲᠦᠷᠦᠯ ᠵᠦᠢᠯ᠄ ᠡᠩ ᠤᠨ ᠵᠠᠮ ᠤᠨ ᠪᠠᠶᠢᠳᠠᠯ      ᠲᠠᠰᠤᠯᠤᠭᠰᠠᠨ ᠴᠢᠭᠯᠡᠯ᠄ ᠳᠠᠩ ᠴᠢᠭᠯᠡᠯ      ᠵᠠᠮ ᠲᠠᠰᠤᠯᠤᠭᠰᠠᠨ ᠡᠰᠡᠬᠦ᠄ ᠪᠦᠷᠢᠮᠦᠰᠦᠨ ᠲᠠᠰᠤᠯᠤᠭᠳᠠᠭᠰᠠᠨ      ᠲᠠᠰᠤᠯᠤᠭᠰᠠᠨ ᠰᠢᠯᠲᠠᠭᠠᠨ᠄ ᠲᠡᠷᠭᠡ ᠬᠦᠰᠬᠡ ᠶᠢᠨ ᠵᠠᠮ ᠬᠠᠷᠢᠯᠴᠠᠭᠠᠨ ᠤ ᠠᠳᠡᠭᠳᠡᠯ      ᠪᠠᠷᠤᠭ ᠰᠡᠷᠭᠦᠭᠡᠬᠦ ᠴᠠᠭ᠄ 2021-05-10 10᠄ 50᠄ 00      ᠰᠢᠢᠳᠪᠦᠷᠢᠯᠡᠬᠦ ᠠᠷᠭ᠎ᠠ ᠬᠡᠮᠵᠢᠶ᠎ᠡ᠄ ᠳᠠᠩ ᠴᠢᠭᠯᠡᠯ ᠢᠶᠠᠷ ᠪᠢᠲᠡᠭᠦᠮᠵᠢᠯᠡᠬᠦ      ᠡᠬᠢᠯᠡᠯᠲᠡ ᠶᠢᠨ ᠴᠡᠭ ᠤᠨ ᠪᠠᠭᠠᠨ᠎ᠠ ᠶᠢᠨ ᠳ᠋ᠤᠭᠠᠷ᠄ 1582᠂ 300      ᠵᠣᠭᠰᠤᠯᠲᠠ ᠶᠢᠨ ᠴᠡᠭ ᠤᠨ ᠪᠠᠭᠠᠨ᠎ᠠ ᠶᠢᠨ ᠳ᠋ᠤᠭᠠᠷ᠄ 1582᠂ 300      ᠳᠡᠭᠡᠭᠰᠢ ᠮᠡᠳᠡᠭᠦᠯᠬᠦ ᠨᠢᠭᠡᠴᠢ᠄ ᠦᠪᠦᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠤᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠯᠠᠱᠠ ᠳᠠᠬᠢ ᠬᠤᠪᠢᠶᠠᠷᠢ ᠺᠤᠮᠫᠠᠨᠢ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号