ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2021/7/22
     ᠡᠨᠡ ᠵᠢᠯ ᠤᠨ ᠳᠡᠭᠡᠷ᠎ᠡ ᠬᠠᠭᠠᠰ ᠵᠢᠯ ᠠᠴᠠ ᠨᠠᠭᠠᠰᠢ᠂ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ᠢᠮᠠᠭᠲᠠ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠪᠥᠬᠦ ᠬᠤᠲᠠ  ᠶᠢᠨ ᠵᠠᠮ ᠬᠠᠷᠢᠯᠴᠠᠭ᠎ᠠ ᠲᠡᠭᠡᠭᠡᠪᠦᠷᠢ ᠵᠢᠨ‌‍ᠴᠢᠬᠤᠯᠠ ᠠᠴᠠ ᠴᠢᠬᠤᠯᠠ ᠪᠣᠯᠭᠠᠵᠤ᠂ ᠪᠥᠬᠦ ᠬᠤᠲᠠ ᠶᠢᠨ ᠪᠠᠶᠢᠳᠠᠯ ᠢ ᠠᠰᠢᠭᠯᠠᠨ᠂ ᠪᠥᠬᠦ ᠲᠠᠯ᠎ᠠ ᠶᠢᠨ ᠬᠦᠴᠦᠨ ᠢ ᠳᠠᠶᠢᠴᠢᠯᠠᠵᠤ᠂ ᠨᠢᠭᠡ ᠲᠥᠷᠥᠯ ᠵᠦᠶᠯ ᠨᠢ ᠨᠢᠭᠡ ᠲᠤᠰᠬᠠᠶ ᠠᠩᠭᠢ᠂ ︽ᠡᠳᠦᠷ ᠤᠨ ᠮᠡᠳᠡᠭᠦᠯᠦᠯᠲᠡ᠂ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠳ᠋ᠦᠩᠨᠡᠯᠲᠡ︾ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠪᠠ᠃      ᠣᠳᠣᠬᠠᠨ ᠳᠤ᠂ S311 ᠱᠤᠭᠤᠮ ᠤᠨ ᠦᠴᠤᠸᠠᠨ ᠠᠴᠠ ᠶᠠᠩ ᠱᠤ᠋ ᠪᠠ ᠬᠥᠷᠬᠦ ᠵᠠᠰᠠᠮᠠᠯ ᠵᠠᠮ ᠤᠨ ᠲᠥᠷᠥᠯ ᠵᠦᠶᠯ ᠨᠢᠭᠡᠨᠲᠡ ᠠᠵᠢᠯ ᠡᠬᠢᠯᠡᠭᠦᠯᠬᠦ ᠪᠡᠯᠡᠳᠬᠡᠯ ᠤᠨ ᠱᠠᠲᠤᠨ ᠳᠤ ᠣᠷᠣᠵᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠶᠢᠨ ᠰᠠᠭᠤᠭ᠎ᠠ ᠭᠠᠵᠠᠷ ᠪᠠ ᠲᠠᠯᠠᠪᠤᠷ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠦᠨᠳᠦᠰᠦᠨ ᠳᠤ ᠪᠠᠨ ᠳᠠᠭᠤᠰᠬᠠᠵᠤ᠂ ᠭᠠᠵᠠᠷ ᠰᠢᠷᠣᠶ ᠶᠢᠨ ᠭᠠᠷᠳᠠᠮ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠴᠣᠬᠤᠯᠠᠪᠤᠷᠢ ᠶᠢ ᠣᠯᠤᠭᠰᠠᠨ ᠤ ᠳᠠᠷᠠᠭ᠎ᠠ ᠳᠠᠷᠤᠶ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠣᠯᠤᠨ᠎ᠠ︔ S29 ᠬᠥᠬᠡᠬᠤᠲᠠ ᠠᠴᠠ ᠯᠢᠶᠠᠩᠴᠧᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ︵ᠬᠥᠬᠡᠬᠤᠲᠠ ᠶᠢᠨ ᠬᠡᠰᠡᠭ︶ ᠤᠨ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠨᠢᠭᠡᠨᠲᠡ ᠵᠥᠪᠰᠢᠶᠡᠷᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠨᠢᠭᠡᠨᠲᠡ ᠪᠠᠶᠢᠭᠤᠯᠤᠭᠳᠠᠵᠤ᠂ ᠪᠠᠷᠢᠯᠭ᠎ᠠ ᠪᠠᠷᠢᠬᠤ ᠵᠢᠴᠢ ᠪᠠᠷᠢᠯᠭ᠎ᠠ ᠪᠠᠷᠢᠬᠤ ᠶᠢ ᠬᠢᠨᠠᠨ ᠬᠠᠮᠢᠶᠠᠷᠬᠤ ᠳᠠᠭᠠᠭᠠᠴᠢᠯᠠᠯᠲᠠ ᠵᠠᠷᠯᠠᠬᠤ ᠲᠥᠰᠦᠯ ᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠨ᠂ ᠲᠠᠲᠠᠪᠤᠷᠢᠯᠠᠨ ᠨᠤᠷᠠᠭᠠᠬᠤ ᠠᠵᠢᠯ ᠢ ᠨᠢᠭᠡᠨᠲᠡ ᠪᠦᠬᠦ ᠲᠠᠯ᠎ᠠ ᠪᠠᠷ ᠡᠬᠢᠯᠡᠭᠦᠯᠪᠡ︔ S43 ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠢᠭᠡᠨᠲᠡ ᠨᠠᠶᠢᠷᠠᠭᠤᠯᠤᠨ ᠵᠤᠬᠢᠶᠠᠵᠤ ᠳᠠᠭᠤᠰᠬᠠᠵᠤ᠂ ᠵᠠᠰᠠᠮᠠᠯ ᠵᠠᠮ ᠲᠡᠮᠦᠷ ᠵᠠᠮ ᠤᠨ ᠰᠤᠯᠪᠢᠴᠠᠭ᠎ᠠ ᠪᠠᠷᠢᠯᠭ᠎ᠠ ᠶᠢᠨ ᠪᠣᠯᠤᠮᠵᠢᠲᠤ ᠰᠤᠳᠤᠯᠭᠠᠨ ᠢ ᠨᠢᠭᠡᠨᠲᠡ ᠬᠢᠨᠠᠨ ᠵᠥᠪᠰᠢᠶᠡᠷᠡᠵᠦ ᠳᠠᠭᠤᠰᠬᠠᠪᠠ︔ ᠬᠥᠬᠡᠬᠤᠲᠠ ᠠᠴᠠ ᠴᠢᠩ ᠱᠦᠶ ᠾᠧ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ  ᠤᠨ ᠲᠥᠷᠥᠯ ᠵᠦᠶᠯ ᠪᠠ ᠢᠯᠢ ᠶᠢᠨ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠵᠢᠯᠠᠭ᠎ᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠨᠢ ᠶᠠᠭ ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠨ ᠠᠬᠢᠭᠤᠯᠵᠤ ᠪᠠᠶᠢᠨ᠎ᠠ᠃      ᠵᠠᠮ ᠬᠠᠷᠢᠯᠴᠠᠭᠠᠨ ᠤ ᠬᠦᠴᠦᠷᠬᠡᠭ ᠤᠯᠤᠰ ᠢᠶᠠᠷ ᠵᠥᠪᠰᠢᠶᠡᠷᠡᠭᠳᠡᠭᠰᠡᠨ ᠲᠤᠷᠰᠢᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠬᠤᠶᠠᠷ ᠵᠢᠯ ᠳᠤ ᠦᠷ᠎ᠡ ᠪᠦᠲᠦᠮᠵᠢ ᠭᠠᠷᠭᠠᠵᠤ᠂ ᠲᠠᠪᠤᠨ ᠵᠢᠯ ᠳᠤ ᠲᠤᠷᠰᠢᠯᠭ᠎ᠠ ᠭᠠᠷᠭᠠᠬᠤ ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠬᠡᠬᠤᠲᠠ ᠶᠢᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ︾ ︵ᠬᠤᠲᠠ ᠶᠢᠨ ᠵᠠᠰᠠᠭ ᠤᠨ ᠣᠷᠳᠣᠨ ᠠᠴᠠ ᠬᠢᠨᠠᠨ ᠵᠥᠪᠯᠡᠵᠦ ᠪᠠᠲᠤᠯᠠᠭᠠᠳ ᠨᠢᠭᠡᠨᠲᠡ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠮᠡᠳᠡᠭᠦᠯᠦᠨ ᠬᠦᠷᠭᠡᠵᠦ᠂ ᠬᠢᠨᠠᠨ ᠲᠣᠭᠲᠠᠭᠠᠭᠰᠠᠨ ᠤ ᠳᠠᠷᠠᠭ᠎ᠠ ᠵᠢᠩᠬᠢᠨᠢ ᠪᠠᠷ ᠳᠠᠷᠤᠮᠠᠯᠯᠠᠨ ᠲᠠᠷᠬᠠᠭᠠᠨ᠎ᠠ︶ ᠢ ᠲᠤᠭᠤᠷᠪᠢᠨ ᠪᠢᠴᠢᠵᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠪᠠᠷᠢᠯᠭ᠎ᠠ ᠶᠢ ᠪᠥᠲᠥᠭᠡᠨ ᠪᠠᠶᠢᠭᠤᠯᠬᠤ ᠬᠠᠷᠠᠯᠲᠠ ᠶᠢᠨ ᠠᠭᠤᠯᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠪᠡᠶᠡᠯᠡᠭᠦᠯᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠪᠠᠷᠢᠯᠭ᠎ᠠ ᠶᠢ ᠲᠦᠷᠭᠡᠳᠬᠡᠨ ᠬᠡᠷᠡᠭᠵᠢᠭᠦᠯᠵᠦ᠂ 2021 ᠣᠨ ᠠᠴᠠ ᠡᠮᠦᠨ᠎ᠡ ︽ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ  ᠤᠨ ᠲᠥᠯᠥᠪᠵᠢᠭᠦᠯᠭᠡ︾ ᠶᠢᠨ ᠠᠵᠢᠯ ᠤᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠤᠰᠤᠭᠠᠷ᠂ ᠬᠤᠲᠠ ᠶᠢᠨ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠺᠣᠮᠫᠠᠨᠢ ᠨᠢᠭᠡᠨᠲᠡ ᠰᠢᠨ᠎ᠡ ᠨᠢᠰᠬᠡᠯ  ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢᠨ ᠲᠥᠯᠥᠪᠵᠢᠭᠦᠯᠭᠡ ᠶᠢᠨ ᠠᠩᠬ᠎ᠠ ᠠᠯᠬᠤᠮ  ᠤᠨ ᠦᠷ᠎ᠡ ᠪᠦᠲᠦᠭᠡᠯ ᠢ ᠦᠨᠳᠦᠰᠦᠨ ᠳᠤ ᠪᠠᠨ ᠪᠦᠷᠢᠯᠳᠦᠭᠦᠯᠦᠭᠰᠡᠨ ᠮᠥᠷᠲᠡᠭᠡᠨ ᠬᠤᠲᠠ ᠶᠢᠨ ᠵᠠᠰᠠᠭ ᠤᠨ ᠣᠷᠳᠣᠨ  ᠤ ᠨᠤᠲᠠᠯᠠᠭᠰᠠᠨ ᠰᠠᠨᠠᠯ ᠶᠣᠰᠣᠭᠠᠷ ᠠᠩᠬ᠎ᠠ ᠠᠯᠬᠤᠮ ᠤᠨ ᠦᠷ᠎ᠡ ᠪᠦᠲᠦᠭᠡᠯ ᠳᠤ ᠵᠠᠰᠠᠪᠤᠷᠢ ᠣᠷᠣᠭᠤᠯᠵᠤ ᠲᠣᠬᠢᠷᠠᠭᠤᠯᠤᠯᠲᠠ ᠬᠢᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号