ᠪᠠᠶᠠᠨᠨᠠᠭᠤᠷ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠵᠠᠮ ᠠᠷᠠᠴᠢᠯᠠᠬᠤ ᠠᠵᠢᠯᠴᠢᠨ ᠰᠢᠲᠠᠮ᠎ᠠ ᠨᠠᠷᠠᠨ ᠳᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2021/7/23
     ᠣᠶᠢᠷ᠎ᠠ ᠳᠤ ᠥᠨᠳᠥᠷ ᠬᠠᠯᠠᠭᠤᠨ ᠠᠭᠤᠷ ᠠᠮᠢᠰᠬᠤᠯ ᠦᠷᠭᠦᠯᠵᠢᠯᠡᠵᠦ᠂ ᠵᠠᠮ ᠤᠨ ᠭᠠᠳᠠᠷᠭᠤ ᠶᠢᠨ ᠳᠤᠯᠠᠭᠠᠨ  ᠤ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃ ᠠᠭᠠᠭᠢᠮ᠎ᠠ ᠬᠠᠯᠠᠭᠤᠨ ᠤ ᠬᠠᠲᠠᠭᠤ ᠰᠢᠯᠭᠠᠯᠲᠠ ᠶᠢᠨ ᠡᠮᠦᠨ᠎ᠡ᠂ ᠪᠠᠶᠠᠨᠨᠠᠭᠤᠷ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠬᠤᠲᠠ ᠲᠤᠭᠤᠷᠢᠬᠤ ᠠᠷᠠᠴᠢᠯᠠᠨ ᠬᠠᠮᠠᠭᠠᠯᠠᠬᠤ ᠭᠠᠵᠠᠷ ᠤᠨ ᠨᠢᠭᠡᠳᠦᠭᠡᠷ ᠹᠷᠣᠨᠲ ᠤᠨ ᠠᠷᠠᠴᠢᠯᠠᠨ ᠬᠠᠮᠠᠭᠠᠯᠠᠬᠤ ᠠᠵᠢᠯᠲᠠᠳ ᠥᠴᠦᠬᠡᠨ ᠴᠦ ᠰᠤᠯᠠᠷᠠᠬᠤ ᠦᠭᠡᠢ ᠠᠵᠢᠯᠯᠠᠵᠤ᠂ ᠢᠮᠠᠭᠲᠠ ᠲᠡᠰᠪᠦᠷᠢ ᠬᠠᠲᠠᠭᠤᠵᠢᠯᠲᠠᠶ ᠠᠵᠢᠯᠯᠠᠬᠤ ᠰᠤᠷᠲᠠᠯ ᠢ ᠪᠠᠷᠢᠮᠲᠠᠯᠠᠵᠤ᠂ ᠵᠠᠮ ᠢ ᠴᠠᠭᠳᠠᠨ ᠪᠠᠶᠢᠴᠠᠭᠠᠬᠤ᠂ ᠠᠷᠢᠭᠤᠨ ᠴᠡᠪᠡᠷ ᠪᠠᠶᠢᠯᠭᠠᠬᠤ᠂ ᠰᠡᠯᠪᠢᠨ ᠵᠠᠰᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃      ᠨᠢᠭᠡ ᠳᠤ᠂ ᠵᠠᠮ ᠤᠨ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠡᠯᠳᠡᠪ ᠡᠪᠡᠰᠦ ᠶᠢ ᠠᠷᠢᠯᠭᠠᠨ ᠴᠡᠪᠡᠷᠯᠡᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠣᠯᠠᠨ ᠡᠳᠦᠷ ᠳᠠᠷᠠᠭᠠᠯᠠᠨ ᠥᠷᠨᠢᠭᠦᠯᠵᠦ᠂ ᠲᠡᠷᠭᠡ ᠶᠠᠪᠤᠬᠤ ᠳᠤ ᠬᠠᠷᠠᠭ᠎ᠠ ᠶᠢ ᠨᠥᠯᠥᠭᠡᠯᠡᠬᠦ ᠮᠣᠳᠣ ᠡᠯᠳᠡᠪ ᠡᠪᠡᠰᠦ ᠶᠢ ᠲᠤᠶᠢᠯᠪᠤᠷᠢᠲᠠᠶ ᠴᠡᠪᠡᠷᠯᠡᠨ ᠠᠷᠢᠯᠭᠠᠪᠠ᠃ ᠬᠠᠷᠢᠶ᠎ᠠ ᠣᠷᠣᠨ ᠤ ᠵᠠᠮ ᠤᠨ ᠬᠡᠰᠡᠭ ᠤᠨ ᠵᠠᠮ ᠤᠨ ᠰᠠᠭᠤᠷᠢ ᠨᠢ ᠲᠡᠭᠰᠢ᠂ ᠲᠡᠮᠳᠡᠭ ᠨᠢ ᠢᠯᠡ ᠲᠣᠳᠣ᠂ ᠴᠢᠳᠠᠮᠵᠢ  ᠨᠢ ᠪᠦᠷᠢᠨ ᠪᠦᠲᠦᠨ ᠪᠠᠶᠢᠬᠤ ᠶᠢ ᠪᠦᠲᠦᠮᠵᠢᠲᠡᠶ ᠦᠨᠡᠨ ᠬᠦ ᠪᠠᠲᠤᠯᠠᠪᠠ᠃      ᠬᠤᠶᠠᠷ ᠲᠤ᠂ ᠠᠮᠤᠷ ᠢ ᠬᠠᠮᠠᠭᠠᠯᠠᠬᠤ ᠲᠦᠭᠦᠭᠡᠷᠦᠮᠵᠢ ᠶᠢ ᠥᠨᠳᠥᠷ ᠪᠦᠲᠦᠮᠵᠢᠲᠡᠶ ᠲᠦᠷᠭᠡᠨ ᠰᠡᠯᠪᠢᠨ ᠵᠠᠰᠠᠪᠠ ᠃ ᠤᠳᠠᠭ᠎ᠠ ᠪᠦᠷᠢ ᠰᠡᠯᠪᠢᠨ ᠵᠠᠰᠠᠬᠤ ᠡᠭᠦᠷᠭᠡ ᠶᠢ ᠬᠦᠯᠢᠶᠡᠵᠦ ᠠᠪᠦᠪᠡᠯ᠂ ᠰᠡᠯᠪᠢᠨ ᠵᠠᠰᠠᠬᠤ ᠠᠵᠢᠯᠲᠠᠳ ᠨᠢ ᠲᠤᠬᠠᠢ ᠶᠢᠨ ᠴᠠᠭ ᠲᠤ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠵᠠᠮ ᠬᠠᠷᠢᠯᠴᠠᠭ᠎ᠠ ᠶᠢ ᠰᠢᠯᠤᠭᠤᠳᠬᠠᠨ ᠵᠢᠯᠣᠭᠤᠳᠴᠤ᠂ ᠠᠮᠤᠷ ᠲᠦᠪᠰᠢᠨ ᠠᠵᠢᠯᠯᠠᠬᠤ ᠲᠣᠭᠤᠷᠢᠭ ᠪᠠᠶᠢᠷᠢᠯᠠᠭᠤᠯᠤᠨ᠂ ᠴᠠᠭ ᠮᠥᠴᠡ ᠶᠢ ᠠᠮᠵᠢᠨ ᠰᠡᠯᠪᠢᠨ ᠵᠠᠰᠠᠬᠤ ᠠᠵᠢᠯ ᠢ ᠬᠢᠵᠦ᠂ ᠬᠥᠳᠡᠯᠦᠯ ᠪᠠᠷᠢᠯ ᠨᠢ ᠪᠣᠯᠪᠠᠰᠤᠷᠠᠩᠭᠤᠶ᠂ ᠮᠡᠷᠭᠡᠵᠢᠯ ᠨᠢ ᠵᠢᠷᠤᠮᠵᠢᠯ ᠲᠠᠢ ᠪᠠᠶᠢᠵᠤ᠂ ᠪᠦᠲᠦᠴᠡ ᠨᠢ ᠲᠡᠭᠰᠢ᠂ ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃      ᠭᠤᠷᠪᠠ ᠳᠤ᠂ ᠤᠰᠤᠨ ᠳᠤ ᠡᠪᠳᠡᠭᠳᠡᠭᠰᠡᠨ ᠬᠦᠪᠡᠭᠡᠨ ᠨᠠᠯᠠᠤ ᠢ ᠲᠦᠷᠭᠡᠨ ᠨᠠᠮᠡᠵᠤ ᠳᠡᠪᠢᠰᠪᠡ᠃ ᠤᠰᠤᠨ ᠳᠤ ᠡᠪᠳᠡᠭᠳᠡᠭᠰᠡᠨ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠬᠥᠮᠦᠨ ᠮᠠᠰᠢᠨ ᠬᠠᠮᠵᠢᠯᠴᠠᠬᠤ ᠠᠷᠭ᠎ᠠ ᠮᠠᠶ᠋ᠢᠭ ᠢ ᠠᠪᠴᠤ ᠰᠢᠪᠠᠷ ᠰᠢᠷᠣᠶ ᠶᠢ ᠤᠰᠤ ᠤᠷᠤᠰᠬᠠᠵᠤ ᠳᠤᠲᠠᠭᠰᠠᠨ ᠵᠠᠮ ᠤᠨ ᠬᠡᠰᠡᠭ ᠲᠤ ᠲᠡᠭᠡᠭᠡᠪᠦᠷᠢᠯᠡᠨ ᠠᠪᠠᠴᠢᠵᠤ᠂ ᠦᠪᠡᠷᠲᠡᠭᠡᠨ ᠪᠠᠭᠤᠯᠭᠠᠭᠰᠠᠨ ᠤ ᠳᠠᠷᠠᠭ᠎ᠠ᠂ ᠬᠡᠰᠡᠭ ᠰᠢᠪᠠᠷ ᠰᠢᠷᠣᠶ ᠶᠢ ᠰᠢᠷᠣᠶ ᠳᠤᠲᠠᠭᠰᠠᠨ ᠪᠠᠶᠢᠷᠢᠨ  ᠳᠤ ᠴᠢᠳᠬᠤᠨ ᠤᠷᠤᠭᠤᠯᠵᠤ ᠳᠡᠶᠢᠯᠦᠭᠰᠡᠨ ᠥᠬᠡᠶ᠂ ᠠᠷᠠᠴᠢᠯᠠᠨ ᠬᠠᠮᠠᠭᠠᠯᠠᠬᠤ ᠠᠵᠢᠯᠲᠠᠳ ᠰᠢᠲᠠᠮ᠎ᠠ ᠨᠡᠷᠡᠨ ᠤ ᠳᠣᠤᠷ᠎ᠠ ᠰᠢᠪᠠᠷ ᠰᠢᠷᠣᠶ ᠶᠢ ᠰᠢᠷᠣᠶ ᠳᠤᠲᠠᠭᠳᠠᠬᠤ ᠭᠠᠵᠠᠷ ᠲᠤ ᠳᠡᠪᠢᠰᠦᠨ ᠣᠷᠣᠭᠤᠯᠵᠤ᠂ ᠳᠠᠭᠰᠢᠷᠠᠭᠤᠯᠤᠨ ᠲᠡᠭᠰᠢᠯᠡᠵᠦ᠂ ᠵᠠᠮ ᠤᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠪᠠ᠃      ᠲᠤᠩᠭᠠᠯᠠᠭ ᠡᠳᠦᠷ ᠨᠢᠭᠡ ᠪᠡᠶ᠎ᠡ ᠬᠥᠯᠥᠰᠥ᠂ ᠪᠣᠷᠣᠭᠠᠨ ᠲᠠᠢ ᠡᠳᠦᠷ ᠨᠢᠭᠡ ᠪᠡᠶ᠎ᠡ ᠰᠢᠪᠡᠷ ᠭᠡᠳᠡᠭ ᠪᠣᠯ ᠵᠠᠮ ᠠᠷᠠᠴᠢᠯᠠᠬᠤ ᠠᠵᠢᠯᠴᠢᠨ ᠤ ᠦᠨᠡᠨ ᠪᠣᠳᠠᠲᠠᠢ ᠵᠢᠷᠤᠭᠯᠠᠯ ᠪᠣᠯᠤᠨ᠎ᠠ᠂ ᠲᠡᠳᠡ ᠦᠨᠡᠨᠴᠢ ᠰᠢᠳᠤᠷᠭᠤ ᠵᠠᠰᠠᠮᠠᠯ ᠵᠠᠮ ᠤᠨ ᠰᠦᠭ ᠰᠦᠨᠡᠰᠦ ᠪᠠᠷ ᠠᠵᠢᠯᠴᠢ ᠬᠦᠳᠡᠯᠮᠦᠷᠢᠴᠢ ᠪᠣᠯᠤᠨ ᠬᠥᠯᠥᠰᠥ ᠪᠠᠷ ᠢᠶᠠᠨ ︽ᠰᠠᠭᠠᠳ ᠦᠭᠡᠢ ᠠᠮᠤᠷ ᠲᠦᠪᠰᠢᠨ ᠲᠠᠭᠠᠯᠠᠮᠵᠢᠲᠠᠶ ᠰᠠᠶᠢᠬᠠᠨ︾ ᠢ ᠪᠢᠴᠢᠭᠯᠡᠵᠦ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号