ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ᠶᠡᠷᠦᠩᠬᠡᠶ ᠱᠦᠵᠢ ᠰᠢ  ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/7/26
     ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠨᠠᠮ ᠤᠨ ᠲᠡᠦᠬᠡ  ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ᠂ ᠰᠡᠳᠬᠢᠯ ᠳᠤ ᠪᠠᠨ ᠬᠠᠳᠠᠩᠰᠢᠭᠤᠯᠬᠤ᠂ ᠪᠣᠳᠠᠲᠠᠶᠢᠵᠢᠭᠤᠯᠬᠤ ᠶᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ  ᠶᠢᠨ ᠲᠥᠯᠥᠭᠡ᠂ 7 ᠳ᠋ᠤᠭᠠᠷ ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠣᠪᠴᠢᠶ᠎ᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠡᠯ᠎ᠡ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠵᠢᠴᠢ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠨᠠᠮ ᠤᠨ ᠭᠡᠰᠢᠭᠦᠨ ᠤᠷᠤᠯᠴᠠᠪᠠ᠃      ᠲᠣᠰ ᠤᠳᠠᠭᠠᠨ ᠤ ᠨᠣᠮ ᠤᠩᠰᠢᠬᠤ ᠠᠩᠭᠢ ᠶᠢ ᠪᠢᠲᠡᠭᠦᠮᠵᠢᠯᠡᠨ ᠥᠪᠡᠰᠦᠪᠡᠨ ᠰᠤᠷᠤᠯᠴᠠᠬᠤ ᠪᠠ ᠮᠡᠳᠡᠯᠭᠡ  ᠶᠢᠨ ᠰᠤᠷᠢᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠦᠭ᠌ᠳᠠᠭᠤᠯᠪᠠ᠃ ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠶᠠᠷᠢᠶᠠᠨ ᠤ ᠲᠠᠶᠢᠯᠤᠮᠵᠢ ᠶᠢᠨ ᠬᠠᠮᠢᠶ᠎ᠠ ᠪᠦᠬᠦᠢ ᠵᠣᠬᠢᠶᠠᠯ ᠢ ᠭᠤᠣᠯᠳᠠᠯᠭ᠎ᠠ  ᠲᠠᠢ ᠰᠤᠷᠤᠯᠴᠠᠬᠤ ᠶᠢᠨ ᠬᠠᠮᠲᠤ᠂ ᠮᠡᠳᠡᠯᠭᠡ ᠶᠢᠨ ᠰᠤᠷᠢᠯᠲᠠ ᠪᠠᠷ ᠳᠠᠮᠵᠢᠭᠤᠯᠤᠨ᠂ ᠰᠤᠷᠢᠯᠲᠠ ᠪᠠᠷ ᠰᠤᠷᠤᠯᠴᠠᠯᠭ᠎ᠠ  ᠶᠢ ᠠᠬᠢᠭᠤᠯᠬᠤ ᠵᠣᠷᠢᠯᠭ᠎ᠠ ᠳᠤ ᠬᠦᠷᠴᠦ᠂ ᠶᠠᠷᠢᠶᠠᠨ ᠤ ᠵᠣᠷᠢᠭ ᠰᠠᠨᠠᠭ᠎ᠠ ᠶᠢ ᠬᠥᠮᠦᠰ ᠤᠨ ᠵᠢᠷᠦᠬᠡ ᠰᠡᠳᠬᠢᠯ ᠳᠤ ᠬᠠᠳᠠᠩᠰᠢᠭᠤᠯᠬᠤ ᠶᠢ ᠦᠨᠡᠨ ᠬᠦ ᠪᠠᠲᠤᠯᠠᠪᠠ᠃      ᠲᠣᠰ ᠲᠣᠪᠴᠢᠶ᠎ᠠ ᠨᠢ ᠲᠣᠰ ᠤᠳᠠᠭᠠᠨ ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠪᠠᠷ ᠲᠣᠬᠢᠶᠠᠯ ᠪᠣᠯᠭᠠᠵᠤ᠂ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠭᠤᠤᠯᠯᠠᠬᠤ ᠠᠭᠤᠯᠭ᠎ᠠ᠂ ᠦᠶᠯᠡᠳᠦᠯᠭᠡ ᠶᠢᠨ ᠱᠠᠭᠠᠷᠳᠠᠯᠭ᠎ᠠ ᠶᠢ ᠰᠠᠶᠢᠲᠤᠷ ᠣᠶᠢᠯᠠᠭᠠᠵᠤ᠂ ᠰᠠᠶᠢᠲᠤᠷ ᠡᠵᠡᠮᠰᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠢᠶᠠᠨ ᠪᠠᠲᠤᠳᠬᠠᠵᠤ᠂ ᠨᠠᠮ  ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠢᠮᠠᠭᠲᠠ ᠤᠯᠠᠨ ᠲᠦᠮᠡᠨ ᠲᠠᠢ ᠪᠤᠳᠤᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠷᠡᠭᠴᠡᠭᠡ ᠶᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠦᠵᠡᠯ ᠰᠠᠨᠠᠭᠠᠨ ᠤ ᠤᠬᠠᠮᠰᠠᠷ ᠨᠢ ᠰᠢᠨ᠎ᠡ ᠳᠡᠭᠡᠭᠰᠢᠯᠡᠯᠲᠡ ᠲᠠᠢ᠂ ᠤᠶᠤᠨ ᠰᠠᠨᠠᠭᠠᠨ ᠤ ᠳᠦᠷᠢ ᠪᠠᠶᠢᠳᠠᠯ ᠨᠢ ᠰᠢᠨ᠎ᠡ ᠬᠤᠪᠢᠷᠠᠯᠲᠠ ᠲᠠᠢ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠨᠢ ᠰᠢᠨ᠎ᠡ ᠠᠵᠢᠯᠯᠠᠭ᠎ᠠ  ᠲᠠᠢ᠂ ᠣᠯᠠᠨ ᠲᠦᠮᠡᠨ ᠤ ᠰᠠᠨᠠᠭᠠᠨ ᠳᠤ ᠬᠦᠷᠦᠭᠰᠡᠨ ᠬᠡᠮᠵᠢᠶ᠎ᠡ ᠨᠢ ᠰᠢᠨ᠎ᠡ ᠳᠠᠪᠰᠢᠯᠲᠠ ᠲᠠᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号