2021 ᠣᠨ ᠤ ᠤᠯᠠᠭᠠᠨᠬᠠᠳᠠ ᠬᠤᠲᠠ ᠶᠢᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠤᠯᠤᠰ ᠤᠨ ᠵᠠᠮ ᠤᠨ 111 ᠱᠤᠭᠤᠮ ᠤᠨ K520+418-K524+521 ᠬᠡᠰᠡᠭ ᠤᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2021/7/26
ᠲᠥᠷᠥᠯ ᠵᠦᠢᠯ ᠤᠨ ᠳ᠋ᠤᠭᠠᠷ᠄ E1504000001003833001001 1. ᠳᠠᠭᠠᠭᠠᠴᠢᠯᠠᠯᠲᠠ ᠵᠠᠷᠯᠠᠬᠤ ᠨᠥᠬᠦᠴᠡᠯ ᠲᠣᠰ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ 2021 ᠣᠨ ᠤ ᠤᠯᠠᠭᠠᠨᠬᠠᠳᠠ ᠬᠤᠲᠠ ᠶᠢᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠤᠯᠤᠰ ᠤᠨ ᠵᠠᠮ ᠤᠨ 111 ᠱᠤᠭᠤᠮ ᠤᠨ K520+418-K524+521 ᠬᠡᠰᠡᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ ᠶᠢᠨ 2021 ᠣᠨ ᠤ ᠤᠯᠠᠭᠠᠨᠬᠠᠳᠠ ᠬᠤᠲᠠ ᠶᠢᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠤᠯᠤᠰ ᠤᠨ ᠵᠠᠮ ᠤᠨ 111 ᠱᠤᠭᠤᠮ ᠤᠨ K520+418-K524+521 ᠬᠡᠰᠡᠭ ᠤᠨ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢᠨ ᠲᠤᠬᠠᠶ ᠴᠣᠬᠤᠯᠠᠪᠤᠷᠢ ︵ᠥᠪᠥᠷ ᠵᠠᠰᠠᠮᠠᠯ ᠵᠠᠮ ᠲᠠᠷᠬᠠᠭᠠᠭᠰᠠᠨ ︹ 2021 ︺ 83 ᠳ᠋ᠤᠭᠠᠷ ᠲᠣᠭᠠᠲᠤ︶ ᠪᠠᠷ ᠵᠥᠪᠰᠢᠶᠡᠷᠡᠪᠡ᠂ ᠲᠥᠷᠥᠯ ᠵᠦᠢᠯ ᠤᠨ ᠥᠮᠴᠢᠲᠡᠨ ᠨᠢ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠠᠰᠠᠮᠠᠯ ᠵᠠᠮ ᠤᠨ ᠬᠠᠮᠢᠶᠠᠷᠴᠤ ᠬᠠᠮᠠᠭᠠᠯᠠᠬᠤ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠨᠢ ᠳᠡᠭᠡᠳᠦ ᠱᠠᠲᠤᠨ ᠠᠴᠠ ᠰᠠᠯᠭᠠᠨ ᠥᠭᠭᠦᠭᠰᠡᠨ ᠵᠣᠭᠤᠰ ᠠᠴᠠ ᠢᠷᠡᠭᠰᠡᠨ ᠪᠠᠶᠢᠵᠤ᠂ ᠪᠠᠯᠠ ᠭᠠᠷᠭᠠᠭᠰᠠᠨ ᠬᠠᠷᠢᠴᠠᠯ ᠨᠢ 100% ᠳᠤ ᠬᠦᠷᠴᠦ᠂ ᠳᠠᠭᠠᠭᠠᠴᠢᠯᠠᠯᠲᠠ ᠵᠠᠷᠯᠠᠭᠴᠢ ᠨᠢ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠠᠰᠠᠮᠠᠯ ᠵᠠᠮ ᠤᠨ ᠬᠠᠮᠢᠶᠠᠷᠴᠤ ᠬᠠᠮᠠᠭᠠᠯᠠᠬᠤ ᠪᠠ ᠲᠡᠭᠡᠭᠡᠪᠦᠷᠢ  ᠶᠢᠨ ᠪᠠᠲᠤᠯᠠᠭ᠎ᠠ ᠶᠢᠨ ᠲᠥᠪ ᠪᠣᠯᠤᠨ᠎ᠠ᠃ ᠲᠥᠷᠥᠯ ᠵᠦᠢᠯ ᠨᠢ ᠨᠢᠭᠡᠨᠲᠡ ᠳᠠᠭᠠᠭᠠᠴᠢᠯᠠᠯᠲᠠ ᠵᠠᠷᠯᠠᠬᠤ ᠨᠥᠬᠦᠴᠡᠯ ᠢ ᠪᠦᠷᠢᠯᠳᠦᠭᠦᠯᠵᠦ᠂ ᠡᠳᠦᠭᠡ ᠲᠤᠰ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠤ ᠢᠯᠡ ᠪᠠᠷ ᠳᠠᠭᠠᠭᠠᠴᠢᠯᠠᠯᠲᠠ ᠵᠠᠷᠯᠠᠨ᠎ᠠ᠃ 2. ᠲᠦᠷᠦᠯ ᠵᠦᠢᠯ ᠤᠨ ᠲᠦᠢᠮᠣ ᠪᠠᠶᠢᠳᠠᠯ ᠬᠢᠭᠡᠳ ᠳᠠᠭᠠᠭᠠᠴᠢᠯᠠᠯᠲᠠ ᠵᠠᠷᠯᠠᠬᠤ ᠬᠡᠪᠴᠢᠶ᠎ᠡ 2.1 ᠲᠦᠷᠦᠯ ᠵᠦᠢᠯ ᠤᠨ ᠲᠦᠢᠮᠣ ᠪᠠᠶᠢᠳᠠᠯ 2021 ᠣᠨ ᠤ ᠤᠯᠠᠭᠠᠨᠬᠠᠳᠠ ᠬᠤᠲᠠ ᠶᠢᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠤᠯᠤᠰ ᠤᠨ ᠵᠠᠮ ᠤᠨ 111 ᠱᠤᠭᠤᠮ ᠤᠨ K520+418-K524+521 ᠬᠡᠰᠡᠭ ᠤᠨ ᠪᠠᠷᠢᠯᠭ᠎ᠠ ᠶᠢᠨ ᠠᠵᠢᠯ ᠳᠤ ᠨᠡᠶᠢᠲᠡ 1 ᠪᠠᠷᠢᠮᠵᠢᠶᠠᠲᠤ ᠬᠡᠰᠡᠭ ᠬᠤᠪᠢᠶᠠᠵᠤ᠂ ᠲᠥᠷᠥᠯ ᠵᠦᠢᠯ ᠤᠨ ᠲᠦᠢᠮᠣ ᠪᠠᠶᠢᠳᠠᠯ ᠨᠢ᠄ ︵1︶ ᠤᠯᠤᠰ ᠤᠨ ᠵᠠᠮ ᠤᠨ 111 ᠱᠤᠭᠤᠮ ᠤᠨ K520+418-K524+521 ᠬᠡᠰᠡᠭ ① ᠦᠨᠳᠦᠰᠦᠨ ᠪᠠᠶᠢᠳᠠᠯ G111 ᠱᠤᠭᠤᠮ ᠤᠨ K520+418-K524+521 ᠬᠡᠰᠡᠭ᠂ ᠣᠷᠳᠣ ᠨᠢ 4.103 ᠺᠢᠯᠣᠮᠧᠲᠷ᠂ ᠤᠤᠯ ᠤᠨ ᠵᠠᠮ ᠤᠨ ᠰᠠᠭᠤᠷᠢ ᠶᠢᠨ ᠥᠷᠭᠡᠨ ᠨᠢ 12 ᠮᠧᠲᠷ᠂ ᠤᠤᠯ ᠤᠨ ᠵᠠᠮ ᠤᠨ ᠭᠠᠳᠠᠷᠭᠤ ᠶᠢᠨ ᠥᠷᠭᠡᠨ ᠨᠢ 11.5 ᠮᠧᠲᠷ ᠪᠠᠶᠢᠳᠠᠭ᠃ ᠤᠤᠯ ᠤᠨ ᠵᠠᠮ ᠤᠨ ᠭᠠᠳᠠᠷᠭᠤ ᠤᠨ ᠪᠦᠲᠦᠴᠡ ᠨᠢ᠄ 4 ᠰᠠᠨᠲ᠋ᠢᠮᠧᠲᠷ ᠵᠤᠵᠠᠭᠠᠨ AC-13 ᠪᠠᠷᠤᠭᠰᠢᠨ ᠪᠧᠲ᠋ᠤᠨ ᠤ ᠭᠠᠳᠠᠷᠭᠤ ᠤᠨ ᠳᠠᠪᠬᠤᠷᠭ᠎ᠠ + 20 ᠰᠠᠨᠲ᠋ᠢᠮᠧᠲᠷ ᠵᠤᠵᠠᠭᠠᠨ ᠱᠦᠢᠨᠢ ᠶᠢᠨ ᠲᠣᠭᠲᠠᠪᠤᠷᠢᠲᠠᠶ ᠬᠡᠮᠬᠡᠳᠡᠭ ᠴᠢᠯᠠᠭᠤᠨ ᠤ ᠰᠠᠭᠤᠷᠢ ᠶᠢᠨ ᠳᠠᠪᠬᠤᠷᠭ᠎ᠠ + 20 ᠰᠠᠨᠲ᠋ᠢᠮᠧᠲᠷ ᠵᠤᠵᠠᠭᠠᠨ ᠪᠠᠶᠢᠭᠠᠯᠢ ᠶᠢᠨ ᠬᠠᠶᠢᠷ ᠴᠢᠯᠠᠭᠤᠨ ᠤ ᠳᠡᠪᠢᠰᠦᠭᠰᠡᠨ ᠳᠠᠪᠬᠤᠷᠭ᠎ᠠ ᠪᠣᠯᠤᠨ᠎ᠠ᠃ ② ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠮᠡᠷᠭᠡᠵᠢᠯ ᠤᠨ ᠪᠠᠷᠢᠮᠵᠢᠶ᠎ᠠ ᠲᠣᠰ ᠲᠥᠷᠥᠯ ᠵᠦᠢᠯ ᠳᠤ ᠤᠤᠯ ᠤᠨ ᠵᠠᠰᠠᠮᠠᠯ ᠵᠠᠮ ᠤᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠬᠤᠪᠢᠷᠠᠭᠤᠯᠬᠤ ᠥᠬᠡᠶ ᠪᠠᠶᠢᠬᠤ ᠶᠢ ᠪᠠᠷᠢᠮᠲᠠᠯᠠᠨ᠂ ᠬᠥᠭᠦᠷᠭᠡ᠂ ᠭᠤᠯᠳᠤᠩ ᠢ ᠪᠦᠷᠢᠮᠦᠰᠦᠨ ᠠᠰᠢᠭᠯᠠᠵᠤ᠂ ᠵᠠᠷᠴᠢᠮ ᠳᠡᠭᠡᠷ᠎ᠡ ᠪᠠᠨ ᠵᠠᠮ ᠱᠤᠭᠤᠮ ᠤᠨ ᠲᠡᠭᠰᠢ ᠭᠤᠯᠳᠤ ᠱᠤᠭᠤᠮ ᠤᠨ ᠬᠡᠯᠪᠡᠷᠢ ᠳᠤ ᠲᠣᠬᠢᠷᠠᠭᠤᠯᠤᠯᠲᠠ ᠬᠢᠬᠦ ᠥᠬᠡᠶ᠂ ᠭᠤᠤᠯᠳᠠᠭᠤ ᠵᠠᠮ ᠤᠨ ᠰᠠᠭᠤᠷᠢ᠂ ᠵᠠᠮ ᠤᠨ ᠭᠠᠳᠠᠷᠭᠤ ᠶᠢᠨ ᠴᠢᠳᠠᠪᠬᠢ ᠶᠢ ᠵᠠᠰᠠᠨ ᠰᠡᠷᠭᠦᠭᠡᠵᠦ᠂ ᠲᠡᠮᠳᠡᠭ ᠵᠢᠷᠤᠭᠠᠰᠤ ᠵᠡᠷᠭᠡ ᠳᠠᠭᠠᠯᠲᠠ ᠲᠦᠭᠦᠭᠡᠷᠦᠮᠵᠢ ᠶᠢ ᠨᠡᠮᠡᠭᠳᠡᠭᠦᠯᠦᠨ᠂ ᠵᠠᠰᠠᠮᠠᠯ ᠵᠠᠮ ᠤᠨ ᠠᠮᠤᠷ ᠲᠦᠪᠰᠢᠨ ᠢᠶᠠᠷ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 2.2 ᠲᠥᠯᠥᠪᠯᠡᠭᠡᠨ ᠤ ᠠᠵᠢᠯ ᠤᠨ ᠬᠤᠭᠤᠴᠠᠭ᠎ᠠ᠄ ᠲᠣᠰ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠬᠡᠰᠡᠭ ᠤᠨ ᠲᠥᠯᠥᠪᠯᠡᠭᠰᠡᠨ ᠠᠵᠢᠯ ᠤᠨ ᠬᠤᠭᠤᠴᠠᠭ᠎ᠠ ᠨᠢ 40 ᠴᠠᠭ ᠤᠯᠠᠷᠢᠯ ᠤᠨ ᠡᠳᠦᠷ ᠪᠣᠯᠤᠨ᠎ᠠ᠂ ᠠᠵᠢᠯ ᠡᠬᠢᠯᠡᠭᠦᠯᠬᠦ ᠪᠠᠷ ᠲᠥᠯᠥᠪᠯᠡᠭᠰᠡᠨ ᠡᠳᠦᠷ ᠬᠤᠭᠤᠴᠠᠭ᠎ᠠ᠄ 2021 ᠣᠨ ᠤ 8 ᠳ᠋ᠤᠭᠠᠷ ᠰᠠᠷ᠎ᠠ ᠶᠢᠨ 12 ᠤᠨ ᠡᠳᠦᠷ᠂ ᠠᠵᠢᠯ ᠲᠤᠰᠢᠶᠠᠬᠤ ᠪᠠᠷ ᠲᠥᠯᠥᠪᠯᠡᠭᠰᠡᠨ ᠡᠳᠦᠷ ᠬᠤᠭᠤᠴᠠᠭ᠎ᠠ᠄ 2021 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ᠃ ︵ᠳᠡᠭᠡᠷ᠎ᠡ ᠳᠤᠷᠠᠳᠤᠭᠰᠠᠨ ᠠᠵᠢᠯ ᠡᠬᠢᠯᠡᠭᠦᠯᠬᠦ᠂ ᠠᠵᠢᠯ ᠲᠤᠰᠢᠶᠠᠬᠤ ᠴᠠᠭ ᠢ ᠵᠥᠪᠬᠡᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠨᠢᠭᠡᠳᠦᠯᠲᠡᠶ ᠪᠠᠷᠢᠮᠵᠢᠶ᠎ᠠ ᠪᠣᠯᠭᠠᠨ᠎ᠠ᠂ ᠪᠣᠳᠠᠲᠠᠶ ᠪᠠᠷᠢᠯᠭ᠎ᠠ ᠶᠢᠨ ᠬᠤᠭᠤᠴᠠᠭ᠎ᠠ ᠶᠢᠨ ᠱᠠᠭᠠᠷᠳᠠᠯᠭ᠎ᠠ ᠶᠢ ᠳᠠᠭᠠᠭᠠᠴᠢᠯᠠᠯᠲᠠ ᠵᠠᠷᠯᠠᠭᠴᠢ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︶ 2.3 ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠵᠢᠴᠢ ᠳᠠᠭᠠᠭᠠᠴᠢᠯᠠᠯᠲᠠ ᠵᠠᠷᠯᠠᠬᠤ ᠬᠡᠪᠴᠢᠶ᠎ᠡ᠄ ᠲᠣᠰ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠶᠢ ᠨᠡᠶᠢᠲᠡ 1 ᠳᠠᠭᠠᠭᠠᠴᠢᠯᠠᠯᠲᠠ  ᠶᠢᠨ ᠬᠡᠰᠡᠭ ᠬᠤᠪᠢᠶᠠᠵᠤ᠂ ᠳᠠᠭᠠᠭᠠᠴᠢᠯᠠᠯᠲᠠ ᠵᠠᠷᠯᠠᠬᠤ ᠬᠡᠪᠴᠢᠶ᠎ᠡ᠄ ᠲᠣᠰ ᠪᠠᠷᠢᠯᠭ᠎ᠠ ᠶᠢᠨ ᠠᠵᠢᠯ ᠤᠨ ᠬᠥᠬᠡ ᠵᠢᠷᠤᠭ ᠵᠢᠴᠢ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠬᠠᠭᠤᠳᠠᠰᠤ ᠶᠢᠨ ᠬᠡᠪᠴᠢᠶᠡᠨ ᠳᠠᠬᠢ ᠪᠥᠬᠦ ᠪᠠᠷᠢᠯᠭ᠎ᠠ ᠶᠢᠨ ᠠᠵᠢᠯ ᠤᠨ ᠠᠭᠤᠯᠭ᠎ᠠ᠃ ᠪᠣᠳᠠᠲᠠᠶ ᠬᠡᠰᠡᠭ ᠢ ᠬᠤᠪᠢᠶᠠᠷᠢᠯᠠᠭᠰᠠᠨ ᠪᠠᠶᠢᠳᠠᠯ ᠢ ᠳᠣᠤᠷᠠᠬᠢ ᠬᠦᠰᠦᠨᠦᠭᠲᠦ ᠳᠤ ᠦᠵᠡ᠄
3᠂ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ ᠤᠨ ᠱᠠᠭᠠᠷᠳᠠᠯᠭ᠎ᠠ 3.1 ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠤ ᠳᠠᠭᠠᠭᠠᠴᠢᠯᠠᠯᠲᠠ ᠬᠦᠯᠢᠶᠡᠭᠴᠢ ᠶᠢ ᠤᠯᠤᠰ ᠤᠨ ᠳᠣᠲᠣᠭᠠᠳᠤ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠦᠨ ᠤ ᠬᠢᠷᠢ ᠬᠡᠮ ᠵᠢᠴᠢ ᠬᠦᠴᠦᠨ  ᠲᠠᠢ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ ᠤ ᠡᠵᠡᠩᠨᠡᠯᠲᠡ ᠶᠢᠨ ᠦᠨᠡᠮᠯᠡᠯ ᠲᠠᠢ ᠪᠠᠶᠢᠬᠤ ᠶᠢ ᠱᠠᠭᠠᠷᠳᠠᠵᠤ᠂ ᠠᠵᠢᠯᠳᠡᠠ᠂ ᠲᠥᠬᠦᠭᠡᠷᠦᠮᠵᠢ᠂ ᠪᠡᠯᠠ ᠮᠥᠩᠭᠦ ᠵᠡᠷᠭᠡ ᠲᠠᠯ᠎ᠠ ᠪᠠᠷ ᠵᠣᠬᠢᠴᠠᠩᠭᠤᠶ ᠴᠢᠳᠠᠪᠤᠷᠢ ᠲᠠᠢ ᠪᠥᠭᠡᠳ ᠳᠣᠣᠷᠠᠬᠢ ᠬᠢᠷᠢ ᠬᠡᠮ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ 3.1.1 ᠪᠠᠷᠢᠯᠭ᠎ᠠ ᠶᠢᠨ ᠠᠵᠢᠯ ᠶᠢᠨ ᠳᠠᠭᠠᠭᠠᠴᠢᠯᠠᠯᠲᠠ ᠶᠢᠨ ᠬᠡᠰᠡᠭ ︵1︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠶᠡᠷᠦᠩᠬᠡᠶ ᠳᠠᠭᠠᠭᠠᠴᠢᠯᠠᠬᠤ ᠭᠤᠷᠪᠠᠳᠤᠭᠠᠷ ᠲᠠᠰ ᠵᠢᠴᠢ ᠲᠡᠭᠦᠨ ᠠᠴᠠ ᠳᠡᠭᠡᠭᠰᠢᠬᠢ ᠬᠢᠷᠢ ᠬᠡᠮ ᠲᠠᠢ ᠪᠠᠶᠢᠬᠤ ᠬᠡᠷᠡᠭᠲᠡᠶ᠃ ︵2︶ ᠣᠶᠢᠷ᠎ᠠ ᠶᠢᠨ 5 ᠵᠢᠯ ᠳᠤ ︵2016 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠬᠦᠷᠲᠡᠯ᠎ᠡ᠂ ᠠᠵᠢᠯ ᠲᠤᠰᠢᠶᠠᠭᠰᠠᠨ ᠢ ᠰᠢᠯᠭᠠᠨ ᠠᠪᠬᠤ ᠴᠠᠭ ᠢᠶᠠᠷ ᠪᠠᠷᠢᠮᠵᠢᠶ᠎ᠠ ᠪᠣᠯᠭᠠᠨ᠎ᠠ ︶  ᠪᠡᠶᠡᠯᠡᠭᠦᠯᠦᠭᠰᠡᠨ ᠪᠠᠷᠢᠯᠭ᠎ᠠ ᠶᠢᠨ ᠠᠵᠢᠯ ᠤᠨ ᠠᠮᠵᠢᠯᠲᠠ ᠪᠦᠲᠦᠮᠵᠢ᠄ ᠠᠳᠠᠭ ᠲᠤ ᠪᠠᠨ 1 ᠵᠦᠢᠯ ᠤᠨ ᠵᠠᠰᠠᠮᠠᠯ ᠵᠠᠮ ᠤᠨ ᠲᠠᠰ ᠤᠨ ᠬᠤᠶᠠᠳᠤᠭᠠᠷ ᠳᠡᠰ ︵ᠪᠠᠭᠲᠠᠨ᠎ᠠ︶ ᠠᠴᠠ ᠳᠡᠭᠡᠭᠰᠢᠬᠢ ᠵᠠᠰᠠᠮᠠᠯ ᠵᠠᠮ ᠤᠨ ᠣᠷᠳᠣ ᠨᠢ 5 ᠺᠢᠯᠣᠮᠧᠲᠷ ︵ᠪᠠᠭᠲᠠᠨ᠎ᠠ︶ ᠠᠴᠠ ᠳᠡᠭᠡᠭᠰᠢᠬᠢ ᠪᠠᠷᠤᠭᠰᠢᠨ ᠪᠧᠲ᠋ᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ ᠰᠢᠯᠭᠠᠨ ᠠᠪᠬᠤ ᠶᠢ ᠪᠠᠲᠤᠯᠠᠨ᠎ᠠ᠃ ᠳᠠᠭᠠᠭᠠᠴᠢᠯᠠᠯᠲᠠ ᠬᠦᠯᠢᠶᠡᠭᠴᠢ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠪᠦᠬᠦ ᠤᠯᠤᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ︵http://glxy.mot.gov.cn︶︾ ᠳᠠᠬᠢ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠬᠢᠬᠦ ᠬᠢᠷᠢ ᠬᠡᠮ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ᠪᠠᠰᠠ ᠳᠠᠭᠠᠭᠠᠴᠢᠯᠠᠯᠲᠠ ᠬᠦᠯᠢᠶᠡᠭᠴᠢ ᠶᠢᠨ ᠨᠡᠷᠡᠶᠢᠳᠦᠯ ᠪᠣᠯᠤᠨ ᠬᠢᠷᠢ ᠬᠡᠮ ᠨᠢ ᠲᠣᠰ ᠨᠡᠷᠡᠰ ᠤᠨ ᠵᠢᠭᠰᠠᠭᠠᠯᠲᠠ ᠳᠠᠬᠢ ᠵᠣᠬᠢᠴᠠᠩᠭᠤᠶ ᠠᠵᠤ ᠠᠬᠤᠶᠢᠯᠠᠯ ᠤᠨ ᠨᠡᠷᠡᠶᠢᠳᠦᠯ ᠪᠣᠯᠤᠨ ᠬᠢᠷᠢ ᠬᠡᠮ ᠲᠠᠢ ᠪᠦᠷᠢᠮᠦᠰᠦᠨ ᠠᠳᠠᠯᠢ ᠪᠠᠶᠢᠳᠠᠭ ︵ᠲᠣᠰ ᠵᠦᠢᠯ ᠤᠨ ᠲᠣᠭᠲᠠᠭᠠᠯ ᠢ ᠵᠥᠪᠬᠡᠨ ︽ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠡᠷᠭᠢᠯᠡᠵᠦ ᠪᠠᠶᠢᠭ᠎ᠠ ᠠᠵᠤ ᠠᠬᠤᠶᠢᠯᠠᠯ ᠤᠨ ᠬᠢᠷᠢ ᠬᠡᠮ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠲᠤᠬᠠᠶ ᠮᠡᠳᠡᠭᠳᠡᠯ︾ ︵ᠲᠢᠩᠬᠢᠮ ᠵᠠᠰᠠᠮᠠᠯ ᠵᠠᠮ ᠥᠰᠥᠭ ︹ 2011 ︺ 114 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠳᠠᠭᠠᠭᠠᠴᠢᠯᠠᠯᠲᠠ ᠬᠦᠯᠢᠶᠡᠭᠴᠢ ᠳᠤ ᠬᠡᠷᠡᠭᠯᠡᠨ᠎ᠡ︶᠃ ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠤ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠲᠤᠬᠠᠶ ᠱᠠᠭᠠᠷᠳᠠᠯᠭ᠎ᠠ ᠶᠢ ᠳᠠᠭᠠᠭᠠᠴᠢᠯᠠᠯᠲᠠ ᠵᠠᠷᠯᠠᠬᠤ ᠠᠯᠪᠠᠨ ᠵᠡᠷ ᠪᠣᠯᠤᠨ ᠳᠠᠭᠠᠯᠳᠤᠭᠤᠯᠤᠯ ᠳᠤ ᠨᠠᠷᠢᠨ ᠦᠵᠡᠭᠡᠷᠡᠶ᠃ 3.2 ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠤ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ  ᠶᠢ ᠬᠦᠯᠢᠶᠡᠨ ᠠᠪᠬᠤ ᠦᠭᠡᠢ᠃ 3.3 ᠳᠠᠭᠠᠭᠠᠴᠢᠯᠠᠯᠲᠠ ᠵᠠᠷᠯᠠᠭᠴᠢ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠵᠤ ᠳᠠᠭᠠᠭᠠᠴᠢᠯᠠᠯᠲᠠ ᠵᠠᠷᠯᠠᠬᠤ ᠶᠢᠨ ᠲᠥᠪ ᠭᠤᠣᠯᠴᠢ ᠴᠢᠨᠠᠷ ᠢ ᠨᠥᠯᠥᠭᠡᠯᠡᠵᠦ ᠮᠡᠳᠡᠬᠦ ᠨᠢᠭᠡᠴᠢ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠤᠢᠭᠡᠢ᠃  ᠨᠢᠭᠡᠴᠢ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠪᠤᠶᠤ ᠬᠤᠪᠢ ᠡᠵᠡᠮᠳᠡᠬᠦ᠂ ᠬᠠᠮᠢᠶᠠᠷᠬᠤ ᠬᠠᠷᠢᠴᠠᠭ᠎ᠠ ᠲᠠᠢ ᠠᠳᠠᠯᠢ ᠪᠤᠰᠤ ᠨᠢᠭᠡᠴᠢ ᠨᠢ᠂ ᠠᠳᠠᠯᠢ ᠨᠢᠭᠡ ᠳᠠᠭᠠᠭᠠᠴᠢᠯᠠᠯᠲᠠ ᠶᠢᠨ ᠬᠡᠰᠡᠭ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠥᠬᠡᠶ᠂ ᠡᠰᠡ ᠲᠡᠭᠡᠪᠡᠯ᠂ ᠬᠠᠮᠢᠶ᠎ᠠ ᠪᠥᠬᠦᠶ ᠳᠠᠭᠠᠭᠠᠴᠢᠯᠠᠯᠲᠠ ᠬᠦᠯᠢᠶᠡᠬᠦ ᠨᠢ ᠴᠥᠮ ᠬᠦᠴᠦᠨ ᠥᠬᠡᠶ ᠪᠣᠯᠤᠨ᠎ᠠ᠃ 3.4 ︽ᠢᠲᠡᠭᠡᠮᠵᠢ ᠶᠢᠨ ᠳᠤᠮᠳᠠᠳᠤ ᠤᠯᠤᠰ︾ ᠤᠨ ᠰᠦᠯᠵᠢᠶ᠎ᠡ ︵http://www.creditchina.gov.cn/︶ ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠵᠢᠭᠰᠠᠭᠠᠭᠳᠠᠭᠰᠠᠨ ᠳᠠᠭᠠᠭᠠᠴᠢᠯᠠᠯᠲᠠ ᠬᠦᠯᠢᠶᠡᠭᠴᠢ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠢ᠃ 3.5 ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ︾ http://www.gsxt.gov.cn︶ ᠳᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠳᠠᠭᠠᠭᠠᠴᠢᠯᠠᠯᠲᠠ ᠬᠦᠯᠢᠶᠡᠭᠴᠢ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠢ᠃ 4. ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠤᠯᠬᠤ 4.1 ᠲᠣᠰ ᠪᠠᠷᠢᠯᠭ᠎ᠠ ᠳᠤ ᠰᠦᠯᠵᠢᠶᠡᠨ ᠳᠡᠭᠡᠷ᠎ᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢ ᠬᠡᠷᠡᠭᠯᠡᠨ᠎ᠡ᠃ 4.2 ᠰᠠᠨᠠᠭᠠᠴᠢᠯᠠᠭ᠎ᠠ ᠲᠠᠢ ᠪᠠᠷ ᠣᠷᠣᠯᠴᠠᠬᠤ ᠳᠠᠯᠳᠠ ᠳᠠᠭᠠᠭᠠᠴᠢᠯᠠᠯᠲᠠ ᠬᠦᠯᠢᠶᠡᠭᠴᠢ ᠪᠦᠬᠦᠨ᠂ ︽ᠤᠯᠠᠭᠠᠨᠬᠠᠳᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ︾ ︵www.cfggzy.cn︶ ᠶᠢᠨ ︽ᠤᠯᠠᠭᠠᠨᠬᠠᠳᠠ ᠶᠢᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ︾ ᠳᠤ ᠭᠠᠷᠴᠤ᠂ ᠲᠣᠭᠲᠠᠭᠰᠠᠨ ᠴᠤᠪᠤᠷᠠᠯ ᠤᠨ ᠶᠣᠰᠣᠭᠠᠷ ᠮᠡᠳᠡᠭᠡ ᠵᠠᠩᠭᠢ ᠶᠢ ᠬᠥᠮᠥᠷᠭᠡ ᠳᠤ ᠣᠷᠣᠭᠤᠯᠬᠤ ᠵᠢᠴᠢ CA ᠦᠨᠡᠮᠯᠡᠯ ᠢ ᠭᠦᠢᠴᠡᠳᠭᠡᠨ᠎ᠡ ︵ᠪᠣᠳᠠᠲᠠᠶ ᠭᠦᠢᠴᠡᠳᠭᠡᠬᠦ ᠶᠠᠪᠤᠴᠠ ᠶᠢ 4.5 ᠳᠤ ᠦᠵᠡᠭᠡᠷᠡᠶ︶᠃ 4.3 ᠮᠡᠳᠡᠭᠡ ᠵᠠᠩᠭᠢ ᠶᠢ ᠬᠥᠮᠥᠷᠭᠡ ᠳᠤ ᠣᠷᠤᠭᠤᠯᠬᠤ ᠶᠢ ᠪᠡᠶᠡᠯᠡᠭᠦᠯᠦᠭᠰᠡᠨ ᠳᠠᠯᠳᠠ ᠳᠠᠭᠠᠭᠠᠴᠢᠯᠠᠯᠲᠠ ᠬᠦᠯᠢᠶᠡᠭᠴᠢ  ᠨᠢ 2021 ᠣᠨ ᠤ 7 ᠳ᠋ᠤᠭᠠᠷ ᠰᠠᠷ᠎ᠠ ᠶᠢᠨ 14 ᠤ ᠡᠳᠦᠷ ᠤᠨ 8 ᠴᠠᠭ 30 ᠮᠢᠨᠦ᠋ᠲ ᠠᠴᠠ 2021 ᠣᠨ ᠤ 7 ᠳ᠋ᠤᠭᠠᠷ ᠰᠠᠷ᠎ᠠ ᠶᠢᠨ 20 ᠤ ᠡᠳᠦᠷ ᠤᠨ 17 ᠴᠠᠭ 30 ᠮᠢᠨᠦ᠋ᠲ ᠲᠤ ︽ᠤᠯᠠᠭᠠᠨᠬᠠᠳᠠ ᠶᠢᠨ ᠡᠯᠧᠺᠲᠷᠣᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ︾ ᠳᠤ ᠭᠠᠷᠴᠤ᠂ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ ᠡᠯᠧᠺᠲᠷᠣᠨ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ ︵ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠥᠬᠡ ᠵᠢᠷᠤᠭ᠂ ᠪᠠᠷᠢᠯᠭ᠎ᠠ ᠶᠢᠨ ᠬᠡᠮᠵᠢᠶ᠎ᠡ ᠶᠢᠨ ᠲᠣᠭᠲᠠᠪᠤᠷᠢᠵᠢᠭᠰᠠᠨ ᠨᠠᠷᠢᠨ ᠬᠠᠭᠤᠳᠠᠰᠤ︶ ᠢ ᠪᠠᠭᠤᠯᠭᠠᠨ ᠠᠪᠴᠤ᠂ ᠳᠠᠭᠠᠭᠠᠴᠢᠯᠠᠯᠲᠠ ᠳᠤ ᠣᠷᠣᠭᠴᠢ ᠡᠷᠬᠡᠪᠰᠢ ᠡᠯᠧᠺᠲᠷᠣᠨ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ ︵ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠥᠬᠡ ᠵᠢᠷᠤᠭ᠂ ᠪᠠᠷᠢᠯᠭ᠎ᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠤᠭᠰᠠᠨ ᠨᠠᠷᠢᠨ ᠬᠠᠭᠤᠳᠠᠰᠤ︶ ᠢ ᠤᠯᠬᠤ ᠳᠠᠭᠤᠰᠬᠤ ᠴᠠᠭ ᠠᠴᠠ ᠡᠮᠦᠨ᠎ᠡ ︽ᠤᠯᠠᠭᠠᠨᠬᠠᠳᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠠᠷᠠᠯᠵᠢᠶ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠵᠥᠭᠡᠯᠡᠨ ᠲᠣᠨᠤᠭ ᠤᠨ ᠰᠢᠰᠲ᠋ᠧᠮ︾ ᠳᠤ ᠭᠠᠷᠴᠤ᠂ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠢ ᠰᠣᠩᠭᠤᠵᠤ ᠡᠯᠧᠺᠲᠷᠣᠨ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ ︵ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠥᠬᠡ ᠵᠢᠷᠤᠭ᠂ ᠪᠠᠷᠢᠯᠭ᠎ᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠤᠭᠰᠠᠨ ᠨᠠᠷᠢᠨ ᠬᠠᠭᠤᠳᠠᠰᠤ︶ ᠢ ᠪᠠᠭᠤᠯᠭᠠᠨ ᠠᠪᠬᠤ ᠠᠵᠢᠯᠯᠠᠭ᠎ᠠ ᠶᠢ ᠶᠠᠪᠤᠭᠳᠠᠭᠤᠯᠤᠨ᠎ᠠ᠂ ᠬᠡᠷᠪᠡ ᠳᠠᠭᠠᠭᠠᠴᠢᠯᠠᠯᠲᠠ ᠬᠦᠯᠢᠶᠡᠭᠴᠢ ᠨᠢ ᠡᠯᠧᠺᠲᠷᠣᠨ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ ︵ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠥᠬᠡ ᠵᠢᠷᠤᠭ᠂ ᠪᠠᠷᠢᠯᠭ᠎ᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠤᠭᠰᠠᠨ ᠨᠠᠷᠢᠨ ᠬᠠᠭᠤᠳᠠᠰᠤ︶ ᠢ ᠪᠠᠭᠤᠯᠭᠠᠨ ᠠᠪᠤᠭᠰᠠᠨ ᠥᠬᠡᠶ ᠪᠠᠶᠢᠪᠠᠯ᠂ ᠳᠠᠭᠠᠭᠠᠴᠢᠯᠠᠯᠲᠠ ᠵᠠᠷᠯᠠᠭᠴᠢ ᠲᠡᠭᠦᠨ ᠤ ᠲᠤᠰᠢᠶᠠᠭᠰᠠᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠭᠥᠯᠢᠶᠡᠨ ᠠᠪᠬᠤ ᠥᠬᠡᠶ᠃ 4.4 ᠳᠠᠯᠳᠠ ᠳᠠᠭᠠᠭᠠᠴᠢᠯᠠᠯᠲᠠ ᠬᠦᠯᠢᠶᠡᠭᠴᠢ ᠨᠢ ᠡᠯᠧᠺᠲᠷᠣᠨ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ ︵ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠥᠬᠡ ᠵᠢᠷᠤᠭ᠂ ᠪᠠᠷᠢᠯᠭ᠎ᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠤᠭᠰᠠᠨ ᠨᠠᠷᠢᠨ ᠬᠠᠭᠤᠳᠠᠰᠤ︶ ᠢ ᠣᠯᠤᠭᠰᠠᠨ ᠡᠳᠦᠷ ᠠᠴᠠ ᠡᠬᠢᠯᠡᠨ᠂ ᠴᠠᠭ ᠲᠤᠬᠠᠶ ᠳᠤ ᠨᠢ ︽ᠤᠯᠠᠭᠠᠨᠬᠠᠳᠠ ᠶᠢᠨ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ︾ ᠳᠤ ᠭᠠᠷᠴᠤ᠂ ᠳᠠᠭᠠᠭᠠᠴᠢᠯᠠᠯᠲᠠ ᠵᠠᠷᠯᠠᠭᠴᠢ ᠶᠢᠨ ᠲᠣᠰ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠲᠤᠬᠠᠶ ᠮᠠᠳᠠᠭ ᠢ ᠲᠠᠶᠢᠯᠪᠤᠷᠢᠯᠠᠬᠤ᠂ ᠲᠣᠳᠤᠷᠬᠠᠶᠢᠯᠠᠬᠤ ᠵᠢᠴᠢ ᠵᠠᠰᠠᠪᠤᠷᠢ ᠣᠷᠣᠭᠤᠯᠬᠤ ᠪᠢᠴᠢᠭ ᠮᠠᠲ᠋ᠧᠷᠢᠶᠠᠯ ᠢ ᠴᠠᠭ ᠲᠤᠬᠠᠶ ᠳᠤ ᠨᠢ ᠪᠠᠶᠢᠴᠠᠭᠠᠨ ᠦᠵᠡᠵᠦ᠂ ᠬᠡᠷᠪᠡ ᠬᠠᠮᠤᠭ ᠤᠨ ᠰᠢᠨ᠎ᠡ ᠮᠠᠳᠠᠭ ᠢ ᠲᠠᠶᠢᠯᠪᠤᠷᠢᠯᠠᠬᠤ᠂ ᠲᠣᠳᠣᠷᠬᠠᠶᠢᠯᠠᠬᠤ ᠪᠤᠶᠤ ᠵᠠᠰᠠᠪᠤᠷᠢ ᠣᠷᠣᠭᠤᠯᠬᠤ ᠪᠢᠴᠢᠭ ᠮᠠᠲ᠋ᠧᠷᠢᠶᠠᠯ ᠢ ᠬᠡᠷᠡᠭᠯᠡᠭᠰᠡᠨ ᠥᠬᠡᠶ ᠪᠣᠯ᠂ ᠡᠭᠦᠨ ᠠᠴᠠ ᠪᠣᠯᠤᠭᠰᠠᠨ ᠦᠷ᠎ᠡ ᠳ᠋ᠦᠩ ᠢ ᠳᠠᠭᠠᠭᠠᠴᠢᠯᠠᠯᠲᠠ ᠬᠦᠯᠢᠶᠡᠭᠴᠢ ᠠᠴᠠ ᠥᠪᠡᠰᠦᠪᠡᠨ ᠡᠭᠦᠷᠭᠡᠯᠡᠨ᠎ᠡ᠃ 4. 5 ᠮᠡᠳᠡᠭᠡ ᠵᠠᠩᠭᠢ ᠶᠢ ᠬᠥᠮᠥᠷᠭᠡ ᠳᠤ ᠣᠷᠣᠭᠤᠯᠬᠤ ᠵᠢᠴᠢ CA ᠦᠨᠡᠮᠯᠡᠯ ᠢ ᠭᠦᠢᠴᠡᠳᠭᠡᠬᠦ ᠪᠣᠳᠠᠲᠠᠶ ᠶᠠᠪᠤᠴᠠ ᠶᠢ ᠤᠯᠠᠭᠠᠨᠬᠠᠳᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ(http://www.cfggzy.cn/EpointWeb_CF/InfoDetail/?InfoID=5dfe6d1c-0aac-404f-a99d-c3f3db9a078f&categoryNum=009 ᠳᠤ ᠨᠠᠷᠢᠨ ᠦᠵᠡᠭᠡᠷᠡᠶ᠂ ᠵᠢᠶᠠᠩᠰᠦ ᠶᠢᠨ ᠭᠦᠸᠧ ᠲᠠᠢ ᠰᠢᠨ ᠳ᠋ᠢᠶᠠᠨ ᠵᠥᠭᠡᠯᠡᠨ ᠲᠣᠨᠤᠭ ᠤᠨ ᠬᠢᠵᠠᠭᠠᠷᠲᠤ ᠺᠣᠮᠫᠠᠨᠢ ᠶᠢᠨ ᠬᠡᠷᠡᠭᠯᠡᠭᠴᠢᠳ ᠤᠨ ᠦᠢᠯᠡᠴᠢᠯᠡᠭᠡᠨ ᠤ ᠰᠠᠯᠠᠭ᠎ᠠ ᠮᠥᠴᠢᠷ ᠠᠴᠠ ᠤᠯᠠᠭᠠᠨᠬᠠᠳᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠠᠷᠠᠯᠵᠢᠶᠠᠨ ᠤ ᠰᠢᠰᠲ᠋ᠧᠮ ᠤᠨ ᠬᠡᠷᠡᠭᠯᠡᠯᠲᠡ ᠳᠤ ᠮᠠᠳᠠᠭ ᠭᠠᠷᠴᠤ ᠠᠰᠠᠭᠤᠨ ᠯᠠᠪᠯᠠᠬᠤ ᠦᠢᠯᠡᠴᠢᠯᠡᠭᠡᠨ ᠤ ᠠᠵᠢᠯ᠂ ᠡᠯ᠎ᠡ ᠠᠷᠠᠯᠵᠢᠶᠠᠨ ᠤ ᠭᠤᠤᠯ ᠴᠣᠭᠴᠠ ᠶᠢᠨ ᠰᠢᠰᠲ᠋ᠧᠮ ᠤᠨ ᠬᠡᠷᠡᠭᠯᠡᠯᠲᠡ ᠶᠢᠨ ᠠᠵᠢᠯᠯᠠᠭ᠎ᠠ᠂ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠬᠤ ᠶᠢ ᠮᠡᠳᠡᠭᠦᠯᠬᠦ ᠵᠢᠴᠢ ᠬᠠᠮᠠᠭᠠᠯᠠᠬᠤ᠂ ᠡᠯᠧᠺᠲᠷᠣᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠵᠤᠬᠢᠶᠠᠬᠤ ᠵᠥᠭᠡᠯᠡᠨ ᠲᠣᠨᠤᠭ ᠵᠡᠷᠭᠡ ᠬᠠᠮᠢᠶ᠎ᠠ ᠪᠥᠬᠦᠶ ᠠᠰᠠᠭᠤᠳᠠᠯ ᠤᠨ ᠠᠰᠠᠭᠤᠨ ᠯᠠᠪᠯᠠᠯᠲᠠ ᠶᠢᠨ ᠬᠠᠷᠢᠭᠤᠯᠲᠠ ᠬᠠᠩᠭᠠᠬᠤ ᠶᠢ ᠬᠠᠷᠢᠭᠤᠴᠠᠨ᠎ᠠ᠃ ᠲᠠᠪᠴᠠᠩ ᠤᠨ ᠨᠢᠭᠡᠳᠦᠯᠲᠡᠶ ᠮᠡᠷᠭᠡᠵᠢᠯ ᠤᠨ ᠦᠢᠯᠡᠴᠢᠯᠡᠭᠡᠨ ᠤ ᠤᠲᠠᠰᠤ᠄ 4009980000 ᠨᠢᠭᠡᠳᠦᠯᠲᠡᠶ ᠮᠡᠷᠭᠡᠵᠢᠯ ᠤᠨ ᠦᠢᠯᠡᠴᠢᠯᠡᠭᠡ QQ᠄ 4008503300 5. ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠲᠤᠰᠢᠶᠠᠬᠤ ᠵᠢᠴᠢ ᠬᠤᠯᠪᠣᠭᠳᠠᠯ ᠪᠦᠬᠦᠢ ᠶᠠᠪᠤᠳᠠᠯ5.1 ᠳᠠᠭᠠᠭᠠᠴᠢᠯᠠᠯᠲᠠ ᠵᠠᠷᠯᠠᠭᠴᠢ ᠨᠢ ᠲᠤᠬᠠᠶ ᠶᠢᠨ ᠲᠠᠯᠠᠪᠠᠢ ᠤᠨ ᠬᠠᠶᠢᠨ ᠰᠢᠨᠵᠢᠯᠡᠯᠲᠡ ᠶᠢ ᠵᠣᠬᠢᠶᠠᠨ ᠪᠠᠶᠢᠭᠤᠯᠬᠤ ᠦᠭᠡᠢ ᠪᠠ ᠳᠠᠭᠠᠭᠠᠴᠢᠯᠠᠯᠲᠠ ᠬᠦᠯᠢᠶᠡᠬᠦ ᠪᠡᠯᠡᠳᠬᠡᠯ ᠬᠤᠷᠠᠯ ᠢ ᠬᠤᠷᠠᠯᠳᠤᠭᠤᠯᠬᠤ ᠦᠭᠡᠢ᠃ 5.2 ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠰᠢᠶᠠᠬᠤ ᠬᠡᠯᠪᠡᠷᠢ᠄ ᠰᠦᠯᠵᠢᠶᠡᠨ ᠳᠡᠭᠡᠷ᠎ᠡ ᠨᠢᠭᠤᠴᠠᠯᠠᠭᠰᠠᠨ ᠡᠯᠧᠺᠲᠷᠣᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠲᠤᠰᠢᠶᠠᠬᠤ ᠵᠢᠴᠢ ᠲᠤᠬᠠᠶ ᠶᠢᠨ ᠲᠠᠯᠠᠪᠠᠶ ᠳᠤ ᠴᠠᠭᠠᠰᠤᠨ ᠬᠡᠪ ᠤᠨ ᠪᠢᠴᠢᠭ ᠮᠠᠲ᠋ᠧᠷᠢᠶᠠᠯ ᠢ ᠲᠤᠰᠢᠶᠠᠨ᠎ᠠ᠃ 5.3 ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠰᠢᠶᠠᠬᠤ ᠳᠠᠭᠤᠰᠬᠤ ᠴᠠᠭ ︵ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ᠂ ᠳᠣᠷᠣᠭᠰᠢ ᠪᠠᠨ ᠠᠳᠠᠯᠢ︶ ᠨᠢ 2021 ᠣᠨ ᠤ 8 ᠳ᠋ᠤᠭᠠᠷ ᠰᠠᠷ᠎ᠠ ᠶᠢᠨ 5 ᠤ ᠡᠳᠦᠷ ᠤᠨ 09 ᠴᠠᠭ 00 ᠮᠢᠨᠦ᠋ᠲ᠂ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠠᠴᠠ ᠡᠮᠦᠨ᠎ᠡ᠂ ᠳᠣᠣᠷᠠᠬᠢ ᠬᠤᠶᠠᠷ ᠵᠦᠢᠯ ᠤᠨ ᠬᠡᠯᠪᠡᠷᠢ ᠪᠠᠷ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠬᠠᠮᠲᠤ ᠳᠤ ᠨᠢ ᠲᠤᠰᠢᠶᠠᠬᠤ ᠬᠡᠷᠡᠭᠲᠡᠶ᠄ ︵1︶ ᠰᠦᠯᠵᠢᠶᠡᠨ ᠳᠡᠭᠡᠷ᠎ᠡ ᠲᠤᠰᠢᠶᠠᠬᠤ᠄ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠠᠴᠠ ᠡᠮᠦᠨ᠎ᠡ᠂ ︽ᠤᠯᠠᠭᠠᠨᠬᠠᠳᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠠᠷᠠᠯᠵᠢᠶ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠵᠥᠭᠡᠯᠡᠨ ᠲᠣᠨᠤᠭ ᠤᠨ ᠰᠢᠰᠲ᠋ᠧᠮ︾ ᠳᠤ ᠭᠠᠷᠴᠤ᠂ ᠨᠢᠭᠤᠴᠠᠯᠠᠭᠰᠠᠨ ᠡᠯᠧᠺᠲᠷᠣᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠰᠦᠯᠵᠢᠶᠡᠨ ᠳᠤ ᠣᠷᠤᠭᠤᠯᠬᠤ ᠬᠡᠷᠡᠭᠲᠡᠶ᠃ ᠡᠯᠧᠺᠲᠷᠣᠨ ᠳᠠᠭᠠᠭᠠᠴᠢᠯᠠᠯᠲᠠ ᠬᠦᠯᠢᠶᠡᠬᠦ  ᠪᠢᠴᠢᠭ ᠮᠠᠲ᠋ᠧᠷᠢᠶᠠᠯ ᠢ ᠬᠤᠭᠤᠴᠠᠭ᠎ᠠ ᠥᠩᠭᠡᠷᠡᠭᠡᠵᠦ ᠰᠦᠯᠵᠢᠶᠡᠨ ᠳᠤ ᠣᠷᠤᠭᠤᠯᠤᠭᠰᠠᠨ ᠪᠤᠶᠤ ᠰᠦᠯᠵᠢᠶᠡᠨ ᠳᠤ ᠣᠷᠤᠭᠤᠯᠤᠭᠰᠠᠨ ᠤᠢᠭᠡᠢ ᠪᠠᠶᠢᠪᠠᠯ᠂ ᠳᠠᠭᠠᠭᠠᠴᠢᠯᠠᠯᠲᠠ ᠬᠦᠯᠢᠶᠡᠭᠴᠢ ᠥᠪᠡᠷ ᠢᠶᠠᠨ ᠬᠠᠶᠠᠭᠰᠠᠨ ᠢᠶᠠᠷ ᠪᠤᠳᠦᠨ᠎ᠡ᠃ ︵2︶ ᠲᠤᠬᠠᠶ ᠶᠢᠨ ᠲᠠᠯᠠᠪᠠᠢ ᠳᠤ ᠲᠤᠰᠢᠶᠠᠬᠤ᠄ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠳᠠᠭᠤᠰᠬᠤ ᠴᠠᠭ ᠠᠴᠠ ᠡᠮᠦᠨ᠎ᠡ ᠴᠠᠭᠠᠰᠤᠨ ᠬᠡᠪ ᠤᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠪᠢᠲᠡᠭᠦᠮᠵᠢᠯᠡᠭᠰᠡᠨ ᠤ ᠳᠠᠷᠠᠭ᠎ᠠ᠂ ᠤᠯᠠᠭᠠᠨᠬᠠᠳᠠ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠤᠨ ᠳᠥᠷᠪᠡᠳᠦᠭᠡᠷ ᠳᠠᠪᠬᠤᠷᠯᠢᠭ ᠤᠨ ᠳᠠᠭᠠᠭᠠᠴᠢᠯᠠᠯᠲᠠ ᠨᠡᠭᠡᠭᠡᠬᠦ ᠨᠠᠢᠮᠠᠳᠤᠭᠠᠷ ᠥᠷᠥᠭᠡ ︵ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠪᠦᠦ ᠱᠠᠨ ᠵᠠᠮ ᠤᠨ 36 ᠳ᠋ᠤᠭᠠᠷ ᠨᠣᠮᠧᠷ ᠤᠨ ᠤᠮᠠᠷᠠᠲᠤ ᠶᠢᠨ ᠴᠠᠭ ᠦᠶ᠎ᠡ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ C ᠰᠠᠭᠤᠳᠠᠯᠲᠤ︶ ᠳᠤ ᠲᠤᠰᠢᠶᠠᠨ᠎ᠠ᠃ ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠨᠢᠭᠡᠳᠦᠭᠡᠷ ᠵᠠᠬᠢᠳᠠᠯ ᠤᠨ ᠳᠤᠭᠲᠤᠶ ︵ᠬᠤᠳᠠᠯᠳᠤᠭᠠᠨ ᠤ ᠶᠠᠪᠤᠳᠠᠯ ᠵᠢᠴᠢ ᠮᠡᠷᠭᠡᠵᠢᠯ ᠤᠨ ᠪᠢᠴᠢᠭ ᠮᠠᠲ᠋ᠧᠷᠢᠶᠠᠯ︶ ᠵᠢᠴᠢ ᠬᠤᠶᠠᠳᠤᠭᠠᠷ ᠵᠠᠬᠢᠳᠠᠯ ᠤᠨ ᠳᠤᠭᠲᠤᠶ ︵ᠦᠨ᠎ᠡ ᠮᠡᠳᠡᠭᠦᠯᠬᠦ ᠪᠢᠴᠢᠭ ᠮᠠᠲ᠋ᠧᠷᠢᠶᠠᠯ︶ ᠶᠢ ᠬᠠᠮᠲᠤ ᠳᠤ ᠨᠢ ᠲᠤᠰᠢᠶᠠᠨ᠎ᠠ᠃ 5.4 ᠬᠤᠭᠤᠴᠠᠭ᠎ᠠ ᠥᠩᠭᠡᠷᠡᠭᠡᠨ ᠬᠦᠷᠭᠡᠭᠰᠡᠨ᠂ ᠵᠢᠭᠠᠨ ᠲᠣᠭᠲᠠᠭᠠᠭᠰᠠᠨ ᠭᠠᠵᠠᠷ ᠲᠤ ᠬᠦᠷᠭᠡᠭᠰᠡᠨ ᠤᠢᠭᠡᠢ ᠪᠤᠶᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠪᠢᠲᠡᠭᠦᠮᠵᠢᠯᠡᠭᠰᠡᠨ ᠤᠢᠭᠡᠢ ᠪᠤᠶᠤ ᠲᠤᠰ ᠳᠠᠭᠠᠭᠠᠴᠢᠯᠠᠯᠲᠠ ᠵᠠᠷᠯᠠᠬᠤ ᠠᠯᠪᠠᠨ ᠵᠡᠷ ᠤᠨ 4.3 ᠳ᠋ᠤᠭᠠᠷ ᠵᠦᠢᠯ ᠤᠨ ᠲᠣᠭᠲᠠᠭᠠᠯ ᠶᠣᠰᠣᠭᠠᠷ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ ᠢ ᠣᠯᠤᠭᠰᠠᠨ ᠤᠢᠭᠡᠢ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠭᠴᠢ ᠬᠦᠯᠢᠶᠡᠵᠦ ᠠᠪᠬᠤ ᠤᠢᠭᠡᠢ᠃ 5.5 ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠲᠤᠰᠢᠶᠠᠬᠤ ᠠᠴᠠ ᠡᠮᠦᠨ᠎ᠡ᠂ ᠳᠠᠭᠠᠭᠠᠴᠢᠯᠠᠯᠲᠠ ᠬᠦᠯᠢᠶᠡᠭᠴᠢ ᠨᠢ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠲᠤ ᠠᠷᠠᠳ ᠤᠨ ᠵᠣᠭᠤᠰ 6 ᠲᠦᠮᠡᠨ ᠲᠥᠭᠦᠷᠢᠭ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠲᠤᠰᠢᠶᠠᠬᠤ ᠬᠡᠷᠡᠭᠲᠡᠶ᠂ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢᠨ ᠬᠡᠯᠪᠡᠷᠢ᠄ ᠪᠠᠩᠬᠢ ᠶᠢᠨ ᠴᠠᠬᠢᠯᠭᠠᠨ ᠭᠤᠪᠢᠭᠤᠯᠭ᠎ᠠ ᠪᠤᠶᠤ ᠲᠡᠩᠰᠠ ᠰᠢᠯᠵᠢᠭᠦᠯᠬᠦ ᠵᠣᠭᠤᠰᠤᠨ ᠪᠠᠷᠢᠮᠲᠠ ᠪᠤᠶᠤ ᠪᠠᠩᠬᠢ ᠶᠢᠨ ᠪᠠᠲᠤᠯᠠᠭᠠᠲᠤ ᠵᠠᠬᠢᠳᠠᠯ᠃ 5.6 ᠳᠠᠭᠠᠭᠠᠴᠢᠯᠠᠯᠲᠠ ᠬᠦᠯᠢᠶᠡᠭᠴᠢ ᠨᠢ ᠲᠣᠰ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠤᠯᠴᠠᠬᠤ ᠳᠤ ᠪᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠵᠡᠷᠭᠡ ᠰᠠᠯᠠᠭ᠎ᠠ ᠮᠥᠴᠢᠷ ᠤᠨ ᠨᠡᠶᠢᠲᠡᠯᠡᠭᠰᠡᠨ ᠮᠡᠳᠡᠭᠳᠡᠯ ᠵᠡᠷᠭᠡ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠳᠠᠭᠠᠭᠠᠴᠢᠯᠠᠯᠲᠠ ᠬᠦᠯᠢᠶᠡᠭᠴᠢ ᠨᠢ ᠬᠠᠮᠤᠭ ᠤᠨ ᠰᠢᠨ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠠᠭ ᠲᠤᠬᠠᠶ ᠳᠤ ᠨᠢ ᠪᠠᠶᠢᠴᠠᠭᠠᠨ ᠦᠵᠡᠬᠦ ᠬᠡᠷᠡᠭᠲᠡᠶ᠂ ᠵᠢᠱᠢᠶᠡᠯᠡᠪᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠰᠤᠳ ᠱᠠᠭᠠᠷᠳᠠᠯᠭ᠎ᠠ ᠶᠢ ᠨᠡᠶᠢᠲᠡᠯᠡᠭᠰᠡᠨ ᠪᠠᠶᠢᠪᠠᠯ᠂ ᠳᠠᠭᠠᠭᠠᠴᠢᠯᠠᠯᠲᠠ ᠵᠠᠷᠯᠠᠭᠴᠢ ᠳᠠᠭᠢᠵᠤ ᠠᠰ ᠲᠤ ᠨᠢ ᠮᠡᠳᠡᠭᠳᠡᠬᠦ ᠥᠬᠡᠶ᠃ ᠳᠠᠭᠠᠭᠠᠴᠢᠯᠠᠯᠲᠠ ᠬᠦᠯᠢᠶᠡᠭᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤ ᠨᠢ ᠪᠠᠶᠢᠴᠠᠭᠠᠨ ᠦᠵᠡᠭᠰᠡᠨ ᠦᠭᠡᠢ ᠠᠴᠠ ᠪᠤᠯᠵᠤ᠂ ᠳᠠᠭᠠᠭᠠᠴᠢᠯᠠᠯᠲᠠ ᠬᠦᠯᠢᠶᠡᠬᠦ ᠠᠷᠭ᠎ᠠ ᠦᠭᠡᠢ ᠪᠣᠯᠤᠭᠰᠠᠨ ᠬᠠᠷᠢᠭᠤᠴᠠᠯᠭ᠎ᠠ ᠶᠢ ᠳᠠᠭᠠᠭᠠᠴᠢᠯᠠᠯᠲᠠ ᠬᠦᠯᠢᠶᠡᠭᠴᠢ ᠥᠪᠡᠰᠦᠪᠡᠨ ᠡᠭᠦᠷᠭᠡᠯᠡᠨ᠎ᠡ᠃ 6. ᠠᠯᠪᠠᠨ ᠵᠠᠷ ᠨᠡᠶᠢᠲᠡᠯᠡᠬᠦ ᠵᠠᠭᠤᠴᠢ ᠲᠣᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠨᠢ ᠳᠤᠮᠳᠠᠳᠤ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︵http://bulletin cebpubservice.com︶᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︵http://www.nmgztb.com.cn︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶ᠎ᠡ (http://jtyst.nmg.gov.cn︶᠂ ᠤᠯᠠᠭᠠᠨᠬᠠᠳᠠ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ ︵http://www.cfggzy.cnᠳᠡᠭᠡᠷ᠎ᠡ ᠨᠡᠶᠢᠲᠡᠯᠡᠪᠡ᠂ ᠪᠤᠰᠤᠳ ᠵᠠᠭᠤᠴᠢ ᠶᠢᠨ ᠰᠢᠯᠵᠢᠭᠦᠯᠦᠨ ᠨᠡᠶᠢᠲᠡᠯᠡᠬᠦ ᠨᠢ ᠬᠦᠴᠦᠨ ᠥᠬᠡᠶ᠃7. ᠳᠠᠭᠠᠭᠠᠴᠢᠯᠠᠯᠲᠠ ᠦᠨᠡᠯᠡᠬᠦ ᠠᠷᠭ᠎ᠠ 7. 1 ᠲᠣᠰ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠳᠠᠭᠠᠭᠠᠴᠢᠯᠠᠯᠲᠠ ᠦᠨᠡᠯᠡᠬᠦ ᠠᠷᠭ᠎ᠠ ᠳᠤ ᠬᠤᠤᠰ ᠵᠠᠬᠢᠳᠠᠯ ᠤᠨ ᠳᠤᠭᠲᠤᠶ ᠶᠢᠨ ᠬᠡᠯᠪᠡᠷᠢ ᠶᠢᠨ ︽ᠮᠡᠷᠭᠡᠵᠢᠯ ᠤᠨ ᠬᠤᠪᠢ ᠲᠣᠭᠲᠠᠭᠠᠬᠤ ᠬᠠᠮᠤᠭ ᠤᠨ ᠳᠣᠤᠷ᠎ᠠ ᠦᠨ᠎ᠡ ᠬᠠᠳᠠᠬᠤ ᠠᠷᠭ᠎ᠠ︾ ᠶᠢ ᠬᠡᠷᠡᠭᠯᠡᠨ ᠳᠠᠭᠠᠭᠠᠴᠢᠯᠠᠯᠲᠠ ᠦᠨᠡᠯᠡᠨ᠎ᠡ᠃ ᠬᠢᠷᠢ ᠬᠡᠮ ᠢ ᠬᠢᠨᠠᠨ ᠪᠠᠶᠢᠴᠠᠭᠠᠬᠤ ᠠᠷᠭ᠎ᠠ ᠮᠠᠶ᠋ᠢᠭ ᠢ ᠬᠢᠷᠢ ᠬᠡᠮ ᠢ ᠨᠢ ᠳᠠᠷᠠᠭ᠎ᠠ ᠬᠢᠨᠠᠨ᠎ᠠ᠃ 7. 2 ᠲᠣᠰ ᠲᠥᠷᠥᠯ ᠵᠦᠢᠯ ᠤᠨ ᠳᠠᠭᠠᠭᠠᠴᠢᠯᠠᠯᠲᠠ ᠦᠨᠡᠯᠡᠬᠦ ᠠᠷᠭ᠎ᠠ ᠶᠢ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠵᠢᠴᠢ ᠳᠠᠭᠠᠯᠳᠤᠭᠤᠯᠤᠯ ᠳᠤ ᠨᠠᠷᠢᠨ ᠦᠵᠡᠭᠡᠷᠡᠶ᠃ 8. ᠪᠤᠰᠤᠳ ᠱᠠᠭᠠᠷᠳᠠᠯᠭ᠎ᠠ    ᠳᠠᠭᠠᠭᠠᠴᠢᠯᠠᠯᠲᠠ ᠣᠯᠤᠭᠰᠠᠨ ᠨᠢᠭᠡᠴᠢ ᠨᠢ ᠡᠷᠬᠡᠪᠰᠢ ᠵᠣᠬᠢᠬᠤ ᠬᠢᠷᠢ ᠬᠡᠮ ᠲᠠᠢ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠨᠠᠶᠢᠳᠠᠬᠤ ᠬᠡᠷᠡᠭᠲᠡᠶ ︵ᠳᠠᠭᠠᠭᠠᠴᠢᠯᠠᠯᠲᠠ ᠣᠯᠤᠭᠰᠠᠨ ᠨᠢᠭᠡᠴᠢ ᠨᠢ ᠥᠪᠡᠷ ᠤᠨ ᠵᠣᠬᠢᠬᠤ ᠬᠢᠷᠢ ᠬᠡᠮ ᠲᠠᠢ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠨᠠᠶᠢᠳᠠᠬᠤ ᠴᠢᠬᠤᠯᠠ ᠥᠬᠡᠶ︶᠃ 9. ᠬᠢᠨᠠᠯᠲᠠ ᠲᠠᠯᠪᠢᠬᠤ ᠰᠠᠯᠠᠭ᠎ᠠ ᠮᠥᠴᠢᠷ ᠨᠡᠷᠡᠶᠢᠳᠦᠯ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠶ᠋ᠢᠭ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠬᠥᠭᠦᠷᠭᠡ ᠶᠢᠨ ᠠᠷᠤ ᠳᠠᠬᠢ ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠠᠰᠠᠷ ᠤᠨ 2 ᠳ᠋ᠤᠭᠠᠷ ᠳᠠᠪᠬᠤᠷᠭ᠎ᠠ ᠤᠲᠠᠰᠤ᠄ 0476-8869351 ᠰᠢᠦᠳᠠᠨ ᠳ᠋ᠤᠭᠠᠷ᠄ 024000 10. ᠬᠠᠷᠢᠯᠴᠠᠬᠤ ᠬᠡᠯᠪᠡᠷᠢ ᠳᠠᠭᠠᠭᠠᠴᠢᠯᠠᠯᠲᠠ ᠵᠠᠷᠯᠠᠭᠴᠢ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠬᠠᠶ᠋ᠢᠭ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠬᠥᠭᠦᠷᠭᠡ ᠶᠢᠨ ᠠᠷᠤ ᠳᠠᠬᠢ ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠠᠰᠠᠷ ᠤᠨ 2 ᠳ᠋ᠤᠭᠠᠷ ᠳᠠᠪᠬᠤᠷᠭ᠎ᠠ  ᠬᠠᠷᠢᠯᠴᠠᠬᠤ ᠬᠥᠮᠦᠨ᠄ ᠲᠠᠨ ᠵᠢᠶᠦ᠋ᠨ ᠫᠢᠶᠣᠣ ᠤᠲᠠᠰᠤ᠄ 0476-8869368    ᠤᠯᠠᠭᠠᠨᠬᠠᠳᠠ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠪᠦᠦ ᠱᠠᠨ ᠵᠠᠮ ᠤᠨ 36 ᠳ᠋ᠤᠭᠠᠷ ᠨᠣᠮᠧᠷ ᠤᠨ ᠤᠮᠠᠷᠠᠲᠤ ᠶᠢᠨ ᠴᠠᠭ ᠦᠶ᠎ᠡ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ C ᠰᠠᠭᠤᠳᠠᠯᠲᠤ ᠲᠠᠪᠤᠳᠤᠭᠠᠷ ᠳᠠᠪᠬᠤᠷᠭ᠎ᠠ  ᠬᠠᠷᠢᠯᠴᠠᠬᠤ ᠬᠥᠮᠦᠨ᠄ ᠯᠢᠶᠠᠩ ᠸᠧᠶ ᠳ᠋ᠦᠩ ᠤᠲᠠᠰᠤ᠄ 0476-8288827    ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠭᠡᠬᠦ᠄ ᠥᠪᠥᠷ ᠮᠣᠩᠭᠤᠯ ᠤᠨ ᠽᠧᠩ ᠲᠠᠢ ᠪᠠᠷᠢᠯᠭ᠎ᠠ ᠶᠢᠨ ᠲᠥᠷᠥᠯ  ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠡᠨᠢ ᠬᠠᠶ᠋ᠢᠭ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ ᠹᠦ᠋ ᠰᠢᠩ ᠶᠡᠭᠡ ᠠᠰᠠᠷ ᠤᠨ 6 ᠳ᠋ᠤᠭᠠᠷ ᠳᠠᠪᠬᠤᠷᠭ᠎ᠠ ᠬᠠᠷᠢᠯᠴᠠᠬᠤ ᠬᠥᠮᠦᠨ᠄ ᠰᠦ ᠶᠢᠦ ᠵᠢᠶᠦ᠋ᠨ ᠤᠲᠠᠰᠤ᠄ 0476-8785166᠂ 13298005072
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号