2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2021/7/27
     ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2019 ᠣᠨ ᠤ 38 ᠳ᠋ᠤᠭᠠᠷ ᠲᠣᠭᠠᠲᠤ︶᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠲᠠᠰ ᠤᠨ ᠪᠠᠷᠢᠮᠵᠢᠶ᠎ᠠ︾ ᠵᠢᠴᠢ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠲᠠᠰ ᠢ ᠦᠨᠡᠯᠡᠨ ᠲᠣᠭᠲᠠᠭᠠᠬᠤ ᠵᠢᠴᠢ ᠦᠨᠡᠮᠯᠡᠯ ᠰᠣᠯᠢᠵᠤ ᠳᠠᠬᠢᠨ ᠬᠢᠨᠠᠬᠤ ᠠᠵᠢᠯ ᠤᠨ ᠲᠠᠰ ᠳᠠᠷᠠᠭᠠᠯᠠᠯ︾ ︵ᠵᠠᠮ ᠠᠶᠤᠯᠭᠦᠢ ᠬᠢᠨᠠᠯᠲᠠ ᠲᠠᠷᠬᠠᠭᠠᠭᠰᠠᠨ ︹ 2017 ︺ 113 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠪᠡᠯ᠂ ᠮᠠᠨ ᠤ ᠲᠣᠪᠴᠢᠶ᠎ᠠ ᠨᠢ 2021 ᠣᠨ ᠤ ᠳᠥᠷᠪᠡᠳᠦᠭᠡᠷ ᠪᠦᠯᠦᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠠᠰ ᠤᠨ ᠰᠢᠯᠭᠠᠨ ᠲᠣᠭᠲᠠᠭᠠᠯᠲᠠ ᠬᠢᠯᠭᠡᠬᠦ ᠪᠠᠷ ᠭᠤᠶᠤᠴᠢᠯᠠᠭᠰᠠᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠶᠡᠷᠦᠩᠬᠡᠶᠢᠯᠡᠭᠰᠡᠨ ᠰᠢᠯᠭᠠᠨ ᠲᠣᠭᠲᠠᠭᠠᠯᠲᠠ ᠬᠢᠵᠦ᠂ ᠣᠲᠣ ᠶᠡᠷᠦᠩᠬᠡᠶᠢᠯᠡᠭᠰᠡᠨ ᠰᠢᠯᠭᠠᠨ ᠲᠣᠭᠲᠠᠭᠠᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠶ᠎ᠡ ︵ᠳᠠᠭᠠᠯᠳᠤᠭᠤᠯᠤᠯ ᠳᠤ ᠦᠵᠡ︶᠃      ᠵᠠᠷᠯᠠᠨ ᠨᠡᠶᠢᠲᠡᠯᠡᠬᠦ ᠬᠤᠭᠤᠴᠠᠭᠠᠨ ᠳᠤ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠬᠦ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠦᠨᠡᠯᠡᠨ ᠲᠣᠭᠲᠠᠭᠠᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠢᠯᠡᠴᠢᠯᠡᠨ ᠮᠡᠳᠡᠭᠦᠯᠬᠦ ᠪᠤᠶᠤ ᠭᠤᠮᠣᠳᠠᠯ ᠲᠣᠭᠠᠴᠢᠵᠤ ᠪᠣᠯᠤᠨ᠎ᠠ᠃ ᠨᠢᠭᠡᠴᠢ ᠨᠢ ᠢᠯᠡᠴᠢᠯᠡᠨ ᠮᠡᠳᠡᠭᠦᠯᠬᠦ ᠳᠤ ᠪᠠᠨ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠢᠯᠡᠴᠢᠯᠡᠨ ᠮᠡᠳᠡᠭᠦᠯᠬᠦ ᠳᠤ ᠪᠠᠨ ᠦᠨᠡᠨ ᠪᠣᠳᠠᠲᠠᠶ ᠤᠪᠤᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠵᠦ᠂ ᠢᠯᠡᠴᠢᠯᠡᠨ ᠮᠡᠳᠡᠭᠦᠯᠬᠦ ᠳᠤ ᠪᠠᠨ ᠨᠠᠷᠢᠨ ᠲᠣᠳᠣᠷᠬᠠᠶ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠵᠤ᠂ ᠬᠢᠨᠠᠨ ᠪᠠᠶᠢᠴᠠᠭᠠᠬᠤ ᠳᠤ ᠳᠦᠭᠦᠮ ᠪᠣᠯᠭᠠᠬᠤ ᠬᠡᠷᠡᠭᠲᠡᠶ᠃      ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ ᠨᠢ 2021 ᠣᠨ ᠤ 7 ᠳ᠋ᠤᠭᠠᠷ ᠰᠠᠷ᠎ᠠ ᠶᠢᠨ 29 ᠤ ᠡᠳᠦᠷ ᠪᠣᠯᠤᠨ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠷᠢᠮ ᠪᠣᠯᠤᠨ ᠬᠤᠶᠢᠲᠤ ᠬᠤᠶᠠᠳᠤᠭᠠᠷ ᠲᠣᠭᠤᠷᠢᠯ ᠤᠨ ᠠᠭᠤᠯᠵᠠᠷ ᠠᠴᠠ ᠡᠮᠦᠨᠡᠰᠢ 300 ᠮᠧᠲᠷ ᠤᠨ ᠪᠠᠷᠠᠭᠤᠨ ᠭᠤᠳᠤᠮᠵᠢ ᠶᠢᠨ ᠳᠣᠲᠣᠷ᠎ᠠ᠂ ᠰᠢᠦᠳᠠᠨ ᠨᠣᠮᠧᠷ᠄ 010050︔      ᠤᠲᠠᠰᠤ ︵ᠹᠠᠺᠰ︶᠄ 0471-6536741      ᠢᠮᠧᠯ᠄ nmgjtjc@163.com      ᠳᠠᠭᠠᠯᠳᠤᠭᠤᠯᠤᠯ᠄ 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠵᠡᠷᠭᠡ ᠳᠡᠰ ᠤᠨ ᠰᠢᠯᠭᠠᠨ ᠲᠣᠭᠲᠠᠭᠠᠯᠲᠠ ᠶᠢ ᠪᠠᠲᠤᠯᠠᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠷᠡᠰ᠂ doc                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠤᠪᠴᠢᠶ᠎ᠠ                              2021 ᠣᠨ ᠤ 7 ᠳ᠋ᠤᠭᠠᠷ ᠰᠠᠷ᠎ᠠ ᠶᠢᠨ 23 ᠤ ᠡᠳᠦᠷ ᠳᠠᠭᠠᠯᠳᠤᠭᠤᠯᠤᠯ᠄      ᠵᠡᠷᠭᠡ ᠳᠡᠰ ᠤᠨ ᠰᠢᠯᠭᠠᠨ ᠲᠣᠭᠲᠠᠭᠠᠯᠲᠠ ᠶᠢ ᠪᠠᠲᠤᠯᠠᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠷᠡᠰ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号