︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ ᠲᠣᠭᠲᠠᠭᠠᠯ︾ ᠳᠤ ᠵᠠᠰᠠᠪᠤᠷᠢ ᠣᠷᠤᠭᠤᠯᠤᠭᠰᠠᠨ ᠲᠠᠶᠢᠯᠤᠮᠵᠢ
ᠨᠡᠶᠢᠲᠡᠯᠡᠭᠰᠡᠨ ᠴᠠᠭ᠄
2021/7/27
     ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽︿ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 6 ᠳ᠋ᠤᠭᠠᠷ ᠲᠣᠭᠠᠲᠤ︶ ᠢ ᠨᠡᠶᠢᠲᠡᠯᠡᠭᠰᠡᠨ ᠪᠥᠭᠡᠳ 7 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠲᠠᠢ ᠵᠡᠷᠭᠡ ᠪᠠᠷ ᠬᠡᠷᠡᠭᠵᠢᠭᠦᠯᠪᠡ᠃ ᠬᠤᠯᠪᠣᠭᠳᠠᠯ ᠪᠦᠬᠦᠢ ᠨᠢᠭᠡᠴᠢ ᠶᠢᠨ ᠬᠠᠮᠢᠶ᠎ᠠ ᠪᠦᠬᠦᠢ ᠠᠭᠤᠯᠭ᠎ᠠ ᠶᠢ ᠨᠡᠩ ᠰᠠᠶᠢᠲᠤᠷ ᠣᠶᠢᠯᠠᠭᠠᠵᠤ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠳᠤ ᠳᠥᠭᠦᠮ ᠪᠣᠯᠭᠠᠬᠤ ᠶᠢᠨ ᠲᠤᠰᠠᠳᠠ᠂ ᠡᠳᠦᠭᠡ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠪᠣᠯᠤᠨ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾  ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠦᠷᠦᠯ ᠵᠦᠢᠯ᠂ ᠬᠡᠷᠡᠭ ᠤᠨ ᠬᠠᠷᠢᠶᠠᠯᠠᠯ᠂ ᠡᠯᠧᠺᠲᠷᠣᠨ ᠬᠦᠷᠭᠡᠯᠲᠡ᠂ ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ᠂ ᠲᠦᠬᠦᠮ ᠵᠢᠷᠤᠮ ᠤᠨ ᠬᠡᠷᠡᠭ ᠤᠨ ᠬᠡᠪᠴᠢᠶ᠎ᠡ᠂ ᠬᠡᠷᠡᠭ ᠰᠢᠢᠳᠪᠦᠷᠢᠯᠡᠬᠦ ᠬᠤᠭᠤᠴᠠᠭ᠎ᠠ᠂ ᠬᠡᠷᠡᠭ ᠤᠨ ᠭᠡᠷᠡᠴᠢᠯᠡᠭᠡ ᠰᠣᠨᠣᠰᠬᠤ᠂ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ᠂ ᠵᠣᠭᠤᠰ ᠢᠶᠠᠷ ᠲᠣᠷᠭᠠᠵᠤ ᠭᠦᠢᠴᠡᠳᠬᠡᠬᠦ ᠵᠡᠷᠭᠡ ᠴᠢᠬᠤᠯᠠ ᠠᠭᠤᠯᠭ᠎ᠠ ᠳᠤ ᠨᠡᠯᠢᠶᠡᠳ ᠶᠡᠭᠡ ᠲᠤᠬᠢᠷᠠᠭᠤᠯᠤᠯᠳᠠ ᠬᠢᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠪᠠ᠃ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯᠯᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠮᠠᠨ ᠤ ᠶᠠᠮᠤᠨ ᠠᠴᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ ᠲᠣᠭᠲᠠᠭᠠᠯ︾ ᠳᠤ ᠵᠣᠬᠢᠴᠠᠩᠭᠤᠶ ᠵᠠᠰᠠᠪᠤᠷᠢ ᠣᠷᠣᠭᠤᠯᠪᠠ᠃      ᠬᠤᠶᠠᠷ᠂ ᠭᠤᠣᠯ ᠵᠠᠰᠠᠪᠤᠷᠢ ᠣᠷᠣᠭᠤᠯᠤᠭᠰᠠᠨ ᠠᠭᠤᠯᠭ᠎ᠠ      ︵ᠨᠢᠭᠡ︶ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠨ᠎ᠠ ᠃ ᠨᠢᠭᠡ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢ ᠦᠨᠳᠦᠰᠦᠯᠡᠨ᠂ ᠬᠠᠭᠤᠴᠢᠨ ᠬᠠᠤᠯᠢ ᠶᠢ ᠬᠠᠪᠰᠤᠷᠭᠠᠨ ᠬᠦᠡᠭᠭᠡᠨ ᠢᠶᠠᠷ ᠰᠢᠢᠳᠬᠡᠬᠦ ᠬᠠᠤᠯᠢ ᠴᠠᠭᠠᠵᠠ  ᠶᠢ ᠬᠡᠷᠡᠭᠯᠡᠬᠦ ᠲᠦᠷᠢᠮ ᠢ ᠰᠢᠨ᠎ᠡ ᠪᠠᠷ ᠨᠡᠮᠡᠪᠡ︔ ᠬᠤᠶᠠᠷ ᠲᠤ᠂ ᠲᠤᠬᠠᠶ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠬᠦ ᠲᠤᠬᠠᠶ ᠶᠢᠨ ᠬᠥᠮᠦᠨ ᠤ ᠪᠠᠶᠢᠴᠠᠭᠠᠨ ᠯᠠᠪᠯᠠᠬᠤ᠂ ᠲᠣᠭᠠᠴᠢᠯᠲᠠ ᠬᠢᠬᠦ ᠪᠠ ᠵᠥᠪᠲᠦᠭᠡᠨ ᠲᠣᠳᠣᠷᠬᠠᠶᠢᠯᠠᠬᠤ ᠡᠷᠬᠡ ᠶᠢᠨ ᠪᠠᠲᠤᠯᠠᠭ᠎ᠠ ᠶᠢ ᠲᠣᠳᠣᠷᠬᠠᠶᠢᠯᠠᠪᠠ︔ ᠭᠤᠷᠪᠠ ᠳᠤ᠂ ᠭᠡᠷᠡᠴᠢᠯᠡᠭᠡ ᠰᠣᠨᠣᠰᠬᠤ ᠳᠤ ᠣᠷᠣᠭᠤᠯᠬᠤ ᠬᠡᠷᠡᠭ ᠤᠨ ᠬᠡᠪᠴᠢᠶ᠎ᠡ ᠶᠢ ᠲᠤᠬᠢᠷᠠᠭᠤᠯᠵᠤ᠂ ᠲᠤᠬᠠᠢ ᠶᠢᠨ ᠬᠥᠮᠦᠨ ᠤ ᠭᠡᠷᠡᠴᠢᠯᠡᠭᠡ ᠰᠣᠨᠣᠰᠬᠤ ᠪᠠᠷ ᠭᠤᠶᠤᠴᠢᠯᠠᠬᠤ ᠬᠤᠭᠤᠴᠠᠭ᠎ᠠ ᠶᠢ ᠤᠷᠲᠤᠳᠬᠠᠪᠠ᠃ ᠡᠭᠦᠨ ᠤ ᠬᠠᠮᠲᠤ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠥᠬᠡᠶ ᠪᠠᠶᠢᠪᠠᠯ ᠵᠣᠬᠢᠬᠤ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠥᠬᠡᠶ ᠪᠠᠶᠢᠵᠤ ᠪᠣᠯᠬᠤ ᠪᠠᠶᠢᠳᠠᠯ ᠢ ᠲᠣᠳᠣᠷᠬᠠᠶ ᠲᠣᠭᠲᠠᠭᠠᠵᠤ᠂ ᠠᠯᠳᠠᠭ᠎ᠠ ᠪᠤᠷᠤᠭᠤ ᠥᠬᠡᠶ ᠪᠣᠯ ᠰᠢᠢᠳᠬᠡᠬᠦ ᠥᠬᠡᠶ᠂ ᠪᠠᠭ᠎ᠠ ᠠᠯᠳᠠᠭ᠎ᠠ ᠪᠤᠷᠤᠭᠤ ᠪᠠᠶᠢᠪᠠᠯ ᠬᠥᠩᠭᠡᠨ ᠢᠶᠠᠷ ᠰᠢᠢᠳᠬᠡᠬᠦ ᠶᠢ ᠪᠠᠷᠢᠮᠲᠠᠯᠠᠨ᠂ ᠰᠢᠢᠳᠬᠡᠬᠦ ᠪᠠ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠢ ᠢᠯᠡᠷᠡᠭᠦᠯᠵᠦ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠭᠦᠶᠴᠡᠳ ᠪᠠᠲᠤᠯᠠᠪᠠ᠃       ︵ᠬᠤᠶᠠᠷ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠬᠠᠷᠢᠯᠴᠠᠨ ᠲᠦᠯᠬᠢᠯᠴᠡᠬᠦ᠂ ᠬᠡᠷᠡᠭ ᠢ ᠰᠢᠢᠳᠪᠦᠷᠢᠯᠡᠬᠦ ᠦᠭᠡᠢ ᠤᠳᠠᠭᠠᠰᠢᠷᠠᠭᠤᠯᠬᠤ᠂ ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ ᠭᠡᠷᠡᠴᠢ ᠠᠪᠬᠤ ᠨᠢ ᠵᠢᠷᠤᠮᠵᠢᠯ ᠦᠭᠡᠢ᠂ ᠲᠦᠬᠦᠮ ᠵᠢᠷᠤᠮ ᠤᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠵᠣᠬᠢᠶᠠᠭᠰᠠᠨ ᠨᠢ ᠲᠡᠭᠦᠯᠳᠡᠷ ᠪᠤᠰᠤ᠂ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠭᠰᠡᠨ ᠨᠢ ᠵᠢᠷᠤᠮᠵᠢᠯ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢ ᠦᠨᠳᠦᠰᠦᠯᠡᠪᠡᠯ᠂ ᠨᠢᠭᠡ ᠳᠤ᠂ ᠭᠠᠵᠠᠷ ᠣᠷᠣᠨ ᠤ ᠬᠠᠷᠢᠶᠠᠯᠠᠯ ᠠᠴᠠ ᠭᠠᠳᠠᠨᠠᠬᠢ ᠣᠨᠴᠠᠭᠠᠢ ᠬᠠᠷᠢᠶᠠᠯᠠᠯ ᠤᠨ ᠲᠦᠷᠢᠮ ᠢ ᠲᠣᠭᠲᠠᠭᠠᠵᠤ ᠪᠣᠯᠬᠤ ᠬᠠᠤᠯᠢ ᠴᠠᠭᠠᠵᠠ ᠶᠢᠨ ᠵᠢᠷᠤᠮᠵᠢᠯ ᠤᠨ ᠱᠠᠲᠤ ᠳᠠᠪᠬᠤᠷᠭ᠎ᠠ ᠶᠢ ᠲᠣᠳᠣᠷᠬᠠᠢ ᠲᠣᠭᠲᠠᠭᠠᠵᠤ᠂ ᠳᠡᠭᠡᠳᠦ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠶᠠᠯᠠᠯ ᠢ ᠰᠢᠭᠤᠳ ᠵᠢᠭᠠᠨ ᠲᠣᠭᠲᠠᠭᠠᠬᠤ ᠲᠣᠭᠲᠠᠭᠠᠯ ᠢ ᠨᠡᠮᠡᠪᠡ︔ ᠬᠤᠶᠠᠷ ᠲᠤ᠂ ᠡᠯᠧᠺᠲᠷᠣᠨ ᠢᠶᠠᠷ ᠬᠢᠨᠠᠨ ᠡᠵᠡᠮᠳᠡᠬᠦ ᠲᠥᠬᠦᠭᠡᠷᠦᠮᠵᠢ ᠶᠢ ᠪᠠᠶᠢᠷᠢᠯᠠᠭᠤᠯᠬᠤ᠂ ᠬᠡᠷᠡᠭᠯᠡᠬᠦ ᠪᠠ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠬᠤ ᠶᠢ ᠵᠢᠷᠤᠮᠵᠢᠭᠤᠯᠪᠠ︔ ᠭᠤᠷᠪᠠ ᠳᠤ᠂ ᠲᠤᠬᠠᠶ ᠶᠢᠨ ᠲᠠᠯᠠᠪᠤᠷ ᠲᠤ ᠨᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠲᠣᠭᠲᠠᠭᠠᠯ ᠤᠨ ᠪᠢᠴᠢᠭ ᠲᠤ ᠲᠡᠮᠳᠡᠭᠯᠡᠭᠰᠡᠨ ᠵᠦᠶᠯᠡᠰ᠂ ᠰᠢᠢᠳᠬᠡᠯ ᠲᠣᠷᠭᠠᠭᠤᠯᠢ ᠥᠭᠬᠦ ᠲᠣᠭᠲᠠᠭᠠᠯ ᠢ ᠵᠠᠷᠯᠠᠨ ᠨᠡᠶᠢᠲᠡᠯᠡᠵᠦ ᠪᠤᠴᠠᠭᠠᠭᠰᠠᠨ ᠪᠠᠶᠢᠳᠠᠯ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠡᠭᠦᠨ ᠤ ᠬᠠᠮᠲᠤ᠂ ᠱᠠᠳᠤ ᠳᠠᠪᠬᠤᠷᠭ᠎ᠠ ᠶᠢᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠬᠦ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠬᠤ ᠲᠤᠬᠠᠢ ᠲᠣᠭᠲᠠᠭᠠᠯ ᠢ ᠰᠢᠨ᠎ᠡ ᠪᠠᠷ ᠨᠡᠮᠡᠪᠡ᠃       ︵ᠭᠤᠷᠪᠠ︶ ᠬᠡᠷᠡᠭ ᠰᠢᠢᠳᠪᠦᠷᠢᠯᠡᠬᠦ ᠵᠢᠷᠤᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢ ᠦᠨᠳᠦᠰᠦᠯᠡᠪᠡᠯ᠂ ᠨᠢᠭᠡ ᠳᠤ᠂ ᠡᠩ ᠤᠨ ᠵᠢᠷᠤᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠡᠷᠡᠭ ᠢ ᠰᠢᠢᠳᠪᠦᠷᠢᠯᠡᠬᠦ ᠬᠤᠭᠤᠴᠠᠭ᠎ᠠ ᠵᠢᠴᠢ ᠬᠡᠷᠡᠭ ᠰᠢᠢᠳᠪᠦᠷᠢᠯᠡᠬᠦ ᠬᠤᠭᠤᠴᠠᠭ᠎ᠠ ᠶᠢ ᠤᠷᠲᠤᠳᠬᠠᠬᠤ ᠣᠨᠴᠠᠭᠠᠢ ᠪᠠᠶᠢᠳᠠᠯ ᠢ ᠲᠣᠳᠣᠷᠬᠠᠶᠢᠯᠠᠪᠠ︔ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠬᠡᠪᠴᠢᠶ᠎ᠡ ᠶᠢ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠪᠣᠯᠭᠠᠨ ᠲᠣᠬᠢᠷᠠᠭᠤᠯᠬᠤ ᠶᠢᠨ ᠬᠠᠮᠲᠤ᠂ ᠪᠠᠶᠢᠳᠠᠯ ᠢ ᠨᠢ ᠲᠣᠳᠣᠷᠬᠠᠶᠢᠯᠠᠬᠤ ᠬᠡᠷᠡᠭᠲᠡᠶ︔ ᠬᠦᠨᠳᠦ ᠶᠡᠭᠡ ᠬᠡᠷᠡᠭ ᠢ ᠬᠠᠮᠲᠤ ᠪᠠᠷ ᠶᠠᠷᠢᠯᠴᠠᠬᠤ ᠬᠡᠪᠴᠢᠶᠡᠨ ᠳᠤ ᠣᠷᠣᠭᠤᠯᠤᠭᠰᠠᠨ ᠬᠡᠷᠡᠭ ᠤᠨ ᠬᠡᠪᠴᠢᠶ᠎ᠡ ᠶᠢ ᠲᠣᠬᠢᠷᠠᠭᠤᠯᠵᠤ᠂ ᠡᠩ ᠤᠨ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠣᠰᠣᠴᠢ ᠴᠢᠨᠠᠷ ᠢ ᠪᠠᠲᠤᠯᠠᠪᠠ᠃ ᠬᠤᠶᠠᠷ ᠲᠤ᠂ ᠲᠥᠬᠦᠮ ᠵᠢᠷᠤᠮ ᠢ ᠲᠣᠬᠢᠷᠠᠭᠤᠯᠤᠨ ᠲᠡᠭᠦᠯᠳᠡᠷᠵᠢᠭᠦᠯᠪᠡ᠃ ᠬᠡᠷᠡᠭ ᠰᠢᠢᠳᠪᠦᠷᠢᠯᠡᠬᠦ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠲᠤᠬᠠᠢ ᠶᠢᠨ ᠲᠠᠯᠠᠪᠤᠷ ᠲᠤ ᠨᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠲᠣᠭᠲᠠᠭᠠᠯ ᠭᠠᠷᠭᠠᠬᠤ ᠬᠡᠷᠡᠭ ᠤᠨ ᠬᠡᠪᠴᠢᠶ᠎ᠡ ᠳᠤ ᠲᠤᠬᠢᠷᠠᠭᠤᠯᠤᠯᠳᠠ ᠬᠢᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠭᠤᠷᠪᠠ ᠳᠤ᠂ ᠬᠡᠷᠡᠭᠵᠢᠭᠦᠯᠬᠦ ᠲᠠᠯ᠎ᠠ ᠪᠠᠷ᠂ ᠲᠤᠬᠠᠶ ᠶᠢᠨ ᠲᠠᠯᠠᠪᠤᠷ ᠲᠤ ᠨᠢ ᠲᠣᠷᠭᠠᠭᠤᠯᠢ ᠶᠢᠨ ᠵᠣᠭᠤᠰ ᠬᠤᠷᠢᠶᠠᠨ ᠲᠤᠰᠢᠶᠠᠯᠭᠠᠬᠤ ᠬᠡᠷᠡᠭ ᠤᠨ ᠬᠡᠷᠡᠭᠯᠡᠬᠦ ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠲᠣᠷᠭᠠᠭᠤᠯᠢ ᠶᠢᠨ ᠵᠣᠭᠤᠰ ᠢ ᠬᠤᠶᠢᠰᠢᠯᠠᠭᠤᠯᠬᠤ᠂ ᠬᠤᠭᠤᠴᠠᠭ᠎ᠠ ᠬᠤᠪᠢᠶᠠᠨ ᠲᠤᠰᠢᠶᠠᠯᠭᠠᠬᠤ ᠭᠤᠶᠤᠴᠢᠯᠠᠯ ᠢ ᠠᠯᠪᠠᠲᠠᠨ ᠭᠦᠶᠴᠡᠳᠬᠡᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠬᠠᠶ ᠶᠢᠨ ᠬᠥᠮᠦᠨ ᠳᠤ ᠲᠥᠬᠦᠮ ᠦᠵᠡᠭᠦᠯᠬᠦ ᠶᠢᠨ ᠲᠥᠯᠥᠭᠡ᠂ ᠡᠯᠧᠺᠲᠷᠣᠨ ᠢᠶᠠᠷ ᠬᠠᠤᠯᠢ ᠴᠠᠭᠠᠵᠠ ᠶᠢᠨ ᠪᠢᠴᠢᠭ ᠬᠠᠷ᠎ᠠ ᠬᠦᠷᠭᠡᠬᠦ ᠬᠡᠪᠴᠢᠶ᠎ᠡ ᠶᠢ ᠥᠷᠭᠡᠳᠬᠡᠪᠡ᠃      ᠰᠢᠯᠵᠢᠭᠦᠯᠦᠨ ᠨᠡᠶᠢᠲᠡᠯᠡᠬᠦ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ       ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︿ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠤᠨ ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 6 ᠳ᠋ᠤᠭᠠᠷ ᠲᠣᠭᠠᠲᠤ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号