︽︿ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠴᠠᠭᠠᠵᠠᠯᠠᠬᠤ᠂ ᠬᠢᠵᠠᠭᠠᠷᠯᠠᠬᠤ ᠡᠳ᠋ ᠪᠣᠳᠠᠰ ᠤᠨ ᠭᠠᠷᠴᠠᠭ﹀ ᠢ ᠨᠡᠶᠢᠲᠡᠯᠡᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠵᠠᠷ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/7/29
     ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠬᠠᠮᠲᠤᠷᠠᠨ ︽︿ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠴᠠᠭᠠᠵᠠᠯᠠᠬᠤ᠂ ᠬᠢᠵᠠᠭᠠᠷᠯᠠᠬᠤ ᠡᠳ᠋ ᠪᠣᠳᠠᠰ ᠤᠨ ᠭᠠᠷᠴᠠᠭ﹀ ᠢ ᠨᠡᠶᠢᠲᠡᠯᠡᠬᠦ ᠲᠤᠬᠠᠶ ᠠᠯᠪᠠᠨ ᠵᠠᠷ︾ ︵ᠵᠠᠮ ᠲᠡᠭᠡᠭᠡᠪᠦᠷᠢ ᠶᠢᠨ ᠲᠣᠭᠲᠠᠭᠠᠯ  ﹇2021﹈ 2 ᠳ᠋ᠤᠭᠠᠷ ᠲᠣᠭᠠᠲᠤ᠂ ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠡᠯ᠎ᠡ ᠭᠠᠵᠠᠷ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠂ ᠥᠷᠭᠡᠨ ᠣᠯᠠᠨ ᠠᠶᠠᠨᠴᠢᠳ ᠨᠢ ︽ᠭᠠᠷᠴᠠᠭ︾ ᠤᠨ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠵᠤ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ︽ᠭᠠᠷᠴᠠᠭ︾ ᠢ ᠨᠡᠶᠢᠲᠡᠯᠡᠭᠰᠡᠨ ᠠᠬᠤᠶ ᠪᠠᠶᠢᠳᠠᠯ ᠵᠢᠴᠢ ᠭᠤᠤᠯ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠄      ᠨᠢᠭᠡ᠂ ᠠᠵᠢᠯ ᠤᠨ ᠠᠬᠤᠢ ᠪᠠᠶᠢᠳᠠᠯ      ᠠᠶᠠᠨᠴᠢᠳ ᠤᠨ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠡᠳ᠋ ᠪᠣᠳᠠᠰ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠠᠶᠠᠨᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ︽ᠵᠠᠮ  ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠱᠠᠭᠠᠷᠳᠠᠯᠭ᠎ᠠ ᠪᠠ ᠲᠥᠷᠥ  ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠶᠯᠡᠳᠪᠦᠷᠢᠯᠡᠯ ᠤᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠲᠡᠮᠦᠷ ᠵᠠᠮ᠂ ᠤᠰᠤᠨ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠦᠷᠢᠶᠡᠨ ᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠭᠰᠡᠨ ᠤ ᠰᠠᠭᠤᠷᠢᠨ ᠳᠡᠭᠡᠷ᠎ᠡ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠣᠨᠴᠠᠯᠢᠭ᠂ ᠠᠶᠠᠨᠴᠢᠳ ᠤᠨ ᠭᠠᠳᠠᠭᠰᠢ ᠭᠠᠷᠬᠤ ᠬᠡᠷᠡᠭᠴᠡᠭᠡ ᠪᠠ ᠣᠷᠣᠨ ᠨᠤᠲᠤᠭ ᠤᠨ ᠦᠶᠯᠡᠳᠦᠯᠭᠡ ᠶᠢ ᠭᠦᠶᠴᠡᠳ ᠤᠶᠠᠯᠳᠤᠭᠤᠯᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠬᠠᠮᠲᠤ ᠪᠠᠷ ᠬᠠᠷᠠᠭᠠᠯᠵᠠᠬᠤ ᠳᠤ ᠳᠥᠭᠦᠮ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠪᠦᠲᠦᠮᠵᠢᠲᠡᠶ ᠵᠣᠯᠭᠠᠭᠤᠯᠬᠤ᠂ ᠠᠮᠠᠷᠬᠠᠨ ᠬᠡᠷᠡᠭᠵᠢᠭᠦᠯᠬᠦ︾ ᠵᠡᠷᠭᠡ ᠵᠠᠷᠴᠢᠮ ᠶᠣᠰᠤᠭᠠᠷ᠂ ︽ᠭᠠᠷᠴᠠᠭ︾ ᠢ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠭᠠᠷᠴᠠᠭ︾ ᠲᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠴᠠᠭᠠᠵᠠᠯᠠᠬᠤ᠂ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠬᠢᠵᠠᠭᠠᠷᠯᠠᠬᠤ᠂ ᠠᠶᠠᠨᠴᠢᠳ ᠤᠨ ᠪᠡᠶ᠎ᠡ ᠳᠤ ᠪᠠᠨ ᠠᠪᠴᠤ ᠶᠠᠪᠤᠬᠤ ᠶᠢ ᠴᠠᠭᠠᠵᠠᠯᠠᠬᠤ ᠪᠣᠯᠪᠠᠴᠤ ᠪᠣᠭᠤᠳᠠᠯ ᠤᠨ ᠥᠷᠥᠭᠡ ᠳᠤ ᠲᠠᠯᠪᠢᠵᠤ ᠪᠣᠯᠤᠨ᠎ᠠ ︵ᠨᠠᠶᠢᠳᠠᠨ ᠲᠡᠭᠡᠭᠡᠪᠦᠷᠢᠯᠡᠭᠦᠯᠬᠦ︶ ᠬᠡᠭᠦ ᠵᠡᠷᠭᠡ ᠭᠤᠷᠪᠠᠨ ᠲᠥᠷᠥᠯ ᠤᠨ ᠡᠳ᠋ ᠪᠣᠳᠠᠰ ᠢ ᠲᠣᠳᠤᠷᠬᠠᠶᠢᠯᠠᠪᠠ᠃ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠵᠡᠩᠨᠡᠭᠴᠢ᠂ ᠵᠠᠮ ᠤᠨ ᠠᠶᠠᠨᠴᠢᠳ ᠤᠨ ᠲᠡᠭᠡᠭᠡᠪᠦᠷᠢ  ᠶᠢᠨ ᠡᠵᠡᠩᠨᠡᠭᠴᠢ ᠨᠢ ᠮᠡᠳᠡᠭᠳᠡᠬᠦ ᠡᠭᠦᠷᠭᠡ ᠪᠠᠨ ᠭᠦᠢᠴᠡᠳᠬᠡᠵᠦ᠂ ᠬᠠᠤᠯᠢ ᠲᠣᠭᠲᠠᠭᠠᠯ ᠶᠣᠰᠣᠭᠠᠷ ᠠᠮᠤᠷ ᠲᠥᠪᠰᠢᠨ ᠤ ᠪᠠᠶᠢᠴᠠᠭᠠᠯᠲᠠ ᠬᠢᠬᠦ ᠬᠡᠷᠡᠭᠲᠡᠢ ᠭᠡᠵᠦ ᠲᠣᠳᠤᠷᠬᠠᠶᠢᠯᠠᠪᠠ︔ ᠠᠶᠠᠨᠴᠢᠳ ᠨᠢ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠮᠤᠷ ᠲᠦᠪᠰᠢᠨ ᠤ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠬᠢᠨᠠᠯᠲᠠ ᠲᠠᠯᠪᠢᠵᠤ ᠵᠢᠯᠣᠭᠤᠳᠬᠤ ᠬᠡᠷᠡᠭᠲᠡᠢ᠃      ︵ᠨᠢᠭᠡ︶ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠴᠠᠭᠠᠵᠠᠯᠠᠭᠰᠠᠨ ᠡᠳ᠋ ᠪᠣᠳᠠᠰ ᠤᠨ ᠭᠠᠷᠴᠠᠭ ᠃ ᠡᠭᠦᠨ ᠳᠤ ᠫᠤᠤ ᠵᠡᠪᠰᠡᠭ ᠪᠠ ᠰᠤᠮᠤ᠂ ᠳᠡᠯᠪᠡᠷᠡᠬᠦ ᠡᠳ᠋ ᠪᠣᠳᠠᠰ᠂ ᠵᠠᠬᠢᠷᠤᠨ ᠬᠠᠮᠢᠶᠠᠷᠬᠤ ᠪᠠᠭᠠᠵᠢ ᠬᠡᠷᠡᠭᠰᠡᠯ᠂ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ᠂ ᠬᠤᠤᠷᠳᠠᠭᠤᠯᠬᠤ ᠪᠣᠳᠠᠰ᠂ ᠢᠳᠡᠮᠡᠬᠡᠶ ᠴᠢᠨᠠᠷᠲᠠᠶ ᠡᠳ᠋ ᠪᠣᠳᠠᠰ᠂ ᠰᠠᠴᠤᠷᠠᠭ ᠴᠢᠨᠠᠷᠲᠠᠶ ᠡᠳ᠋ ᠪᠣᠳᠠᠰ᠂ ᠬᠠᠯᠳᠠᠪᠤᠷᠢᠯᠠᠬᠤ ᠴᠢᠨᠠᠷᠲᠠᠶ ᠡᠳ᠋ ᠪᠣᠳᠠᠰ᠂ ᠠᠶᠠᠨᠴᠢᠳ ᠤᠨ ᠲᠡᠷᠭᠡ ᠬᠥᠰᠬᠡ  ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠤᠶᠤ ᠠᠶᠠᠯᠠᠯ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠪᠤᠰᠤᠳ ᠡᠳ᠋ ᠪᠣᠳᠠᠰ ᠵᠡᠷᠭᠡ 9 ᠲᠥᠷᠥᠯ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠠᠪᠴᠤ ᠶᠠᠪᠤᠬᠤ᠂ ᠲᠡᠭᠡᠭᠡᠪᠦᠷᠢᠯᠡᠬᠦ ᠶᠢ ᠴᠠᠭᠠᠵᠠᠯᠠᠭᠰᠠᠨ ᠪᠤᠰᠤᠳ ᠡᠳ᠋ ᠪᠣᠳᠠᠰ ᠢ ᠪᠠᠭᠲᠠᠭᠠᠵᠤ᠂ ᠬᠦᠲᠦᠴᠢ ᠨᠣᠬᠠᠶ ᠳᠠᠭᠠᠭᠤᠯᠤᠨ ᠲᠡᠷᠭᠡᠨ ᠳᠤ ᠰᠠᠭᠤᠯᠭᠠᠵᠤ ᠪᠣᠯᠬᠤ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠡᠵᠡᠩᠨᠡᠭᠴᠢ ᠠᠴᠠ ᠪᠠᠶᠢᠳᠠᠯ ᠢ ᠨᠢ ᠦᠵᠡᠵᠦ ᠪᠠᠶᠢᠭᠠᠳ ᠪᠠᠭ᠎ᠠ ᠬᠡᠮᠵᠢᠶᠡᠨ ᠤ ᠬᠡᠷ ᠤᠨ ᠵᠢᠭᠦᠷᠲᠡᠨ ᠠᠪᠴᠤ ᠶᠠᠪᠤᠵᠤ ᠪᠣᠯᠬᠤ ᠶᠢ ᠲᠣᠳᠤᠷᠬᠠᠶᠢᠯᠠᠪᠠ᠃      ︵ᠬᠤᠶᠠᠷ︶ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠬᠢᠵᠠᠭᠠᠷᠯᠠᠭᠰᠠᠨ ᠡᠳ᠋ ᠪᠣᠳᠠᠰ ᠤᠨ ᠭᠠᠷᠴᠠᠭ᠃ ᠠᠶᠠᠨᠴᠢᠳ ᠭᠠᠳᠠᠭᠰᠢ ᠭᠠᠷᠬᠤ ᠳᠤ ᠠᠪᠴᠤ ᠶᠠᠪᠤᠬᠤ ᠪᠤᠶᠤ ᠨᠠᠶᠢᠳᠠᠨ ᠲᠡᠭᠡᠭᠡᠪᠦᠷᠢᠯᠡᠭᠦᠯᠬᠦ ᠬᠡᠷᠡᠭᠴᠡᠭᠡ  ᠲᠠᠢ ᠪᠣᠯᠪᠠᠴᠤ᠂ ᠲᠤᠭ᠎ᠠ ᠬᠡᠮᠵᠢᠶ᠎ᠡ ᠨᠢ ᠵᠣᠬᠢᠬᠤ ᠬᠢᠵᠠᠭᠠᠷᠯᠠᠯ ᠠᠴᠠ ᠬᠡᠲᠦᠷᠡᠬᠦ ᠦᠶ᠎ᠡ ᠳᠤ ᠠᠶᠠᠨᠴᠢᠳ ᠤᠨ ᠪᠡᠶ᠎ᠡ ᠮᠠᠬᠠᠪᠣᠳ ᠪᠠ ᠲᠡᠷᠭᠡ ᠬᠥᠰᠬᠡ ᠶᠢᠨ ᠠᠶᠠᠯᠠᠯ ᠤᠨ ᠠᠮᠤᠷ ᠲᠦᠪᠰᠢᠨ ᠢ ᠨᠥᠯᠥᠭᠡᠯᠡᠬᠦ ᠡᠳ᠋ ᠪᠣᠳᠠᠰ ᠢ ᠵᠢᠭᠠᠵᠤ ᠪᠠᠶᠢᠨ᠎ᠠ᠃ ᠡᠭᠦᠨ ᠳᠤ 24 ᠭᠷᠠᠳᠦ᠋ᠰ ᠠᠴᠠ 75 ᠭᠷᠠᠳᠦ᠋ᠰ ᠤᠨ ᠰᠫᠢᠷᠲ ᠵᠢᠴᠢ ᠠᠷᠢᠬᠢᠨ ᠤ ᠲᠥᠷᠥᠯ ᠤᠨ ᠤᠮᠳᠠᠭᠠᠨ᠂ ᠬᠢᠮᠤᠰᠤᠨ ᠪᠤᠳᠤᠭ᠂ ᠬᠡᠷᠡᠯ ᠠᠷᠢᠯᠭᠠᠭᠴᠢ ᠡᠳ᠋᠂ ᠥᠪᠡᠷᠲᠡᠭᠡᠨ ᠰᠦᠷᠴᠢᠬᠦ ᠳᠠᠷᠤᠯᠲᠠᠲᠤ ᠰᠠᠪᠠ ᠶᠢᠨ ᠡᠳ᠋ ᠪᠣᠳᠠᠰ᠂ ᠠᠶᠤᠯᠭᠦᠶ ᠴᠦᠳᠡᠩ᠂ ᠨᠣᠴᠣᠭᠠᠭᠤᠷ᠂ ᠯᠢᠲ᠋ᠢ ᠴᠠᠬᠢᠯᠭᠠᠨ ᠴᠡᠨᠡᠭ᠂ ᠴᠠᠬᠢᠯᠭᠠᠨ ᠴᠡᠨᠡᠭᠯᠡᠬᠦ ᠡᠷᠳᠡᠨᠢ ᠵᠡᠷᠭᠡ 5 ᠲᠥᠷᠥᠯ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠠᠪᠴᠤ ᠶᠠᠪᠤᠬᠤ᠂ ᠲᠡᠭᠡᠭᠡᠪᠦᠷᠢᠯᠡᠬᠦ ᠶᠢ ᠴᠠᠭᠠᠵᠠᠯᠠᠭᠰᠠᠨ ᠪᠤᠰᠤᠳ ᠡᠳ᠋ ᠪᠣᠳᠠᠰ ᠢ ᠪᠠᠭᠲᠠᠭᠠᠵᠤ᠂ ᠡᠯ᠎ᠡ ᠲᠥᠷᠥᠯ ᠤᠨ ᠡᠳ᠋ ᠪᠣᠳᠠᠰ ᠤᠨ ᠬᠡᠮᠵᠢᠶ᠎ᠡ ᠶᠢ ᠬᠢᠵᠠᠭᠠᠷᠯᠠᠬᠤ ᠱᠠᠭᠠᠷᠳᠠᠯᠭ᠎ᠠ ᠶᠢ ᠲᠣᠳᠣᠷᠬᠠᠶᠢᠯᠠᠪᠠ᠃      ︵ᠭᠤᠷᠪᠠ︶ ᠠᠶᠠᠨᠴᠢᠳ ᠤᠨ ᠪᠡᠶ᠎ᠡ ᠳᠤ ᠪᠠᠨ ᠠᠪᠴᠤ ᠶᠠᠪᠤᠬᠤ ᠶᠢ ᠴᠠᠭᠠᠵᠠᠯᠠᠭᠰᠠᠨ ᠪᠣᠯᠪᠠᠴᠤ ᠪᠣᠭᠤᠳᠠᠯ ᠤᠨ ᠥᠷᠥᠭᠡᠨ ᠳᠤ ᠲᠠᠯᠪᠢᠵᠤ ᠪᠣᠯᠬᠤ ︵ᠨᠠᠶᠢᠳᠠᠨ ᠲᠡᠭᠡᠭᠡᠪᠦᠷᠢᠯᠡᠭᠦᠯᠬᠦ︶ ᠡᠳ᠋ ᠪᠣᠳᠠᠰ ᠤᠨ ᠭᠠᠷᠴᠠᠭ᠃ ᠲᠣᠰ ᠬᠡᠰᠡᠭ ᠡᠳ᠋ ᠪᠣᠳᠠᠰ ᠨᠢ ᠡᠳᠦᠷ ᠲᠤᠲᠤᠮ ᠤᠨ ᠠᠮᠢᠳᠤᠷᠠᠯ᠂ ᠦᠶᠯᠡᠳᠪᠦᠷᠢᠯᠡᠯ ᠤᠨ ᠲᠥᠷᠥᠯ ᠤᠨ ᠡᠳ᠋ ᠪᠣᠳᠠᠰ ᠲᠤ ᠬᠠᠷᠢᠶᠠᠯᠠᠭᠳᠠᠵᠤ᠂ ᠸᠠᠭᠤᠨ ᠳᠣᠲᠣᠷ᠎ᠠ ᠲᠠᠯᠪᠢᠪᠠᠯ ᠬᠥᠮᠦᠨ ᠤ ᠪᠡᠶ᠎ᠡ ᠶᠢ ᠭᠡᠮᠲᠦᠭᠡᠵᠦ ᠮᠡᠳᠡᠨ᠎ᠡ᠂ ᠪᠣᠭᠤᠳᠠᠯ ᠤᠨ ᠥᠷᠥᠭᠡ ᠳᠤ ᠲᠠᠯᠪᠢᠬᠤ ᠪᠤᠶᠤ ᠨᠠᠶᠢᠳᠠᠨ ᠲᠡᠭᠡᠭᠡᠪᠦᠷᠢᠯᠡᠭᠦᠯᠵᠦ ᠪᠣᠯᠤᠨ᠎ᠠ᠂ ᠭᠤᠤᠯᠳᠠᠭᠤ ᠡᠳᠦᠷ ᠲᠤᠲᠤᠮ ᠤᠨ ᠬᠡᠷᠡᠭᠯᠡᠬᠦ ᠬᠢᠲᠤᠭ᠎ᠠ᠂ ᠲᠤᠰᠬᠠᠶ ᠮᠡᠷᠭᠡᠵᠢᠯ ᠤᠨ ᠬᠢᠲᠤᠭ᠎ᠠ᠂ ᠲᠣᠭᠯᠠᠯᠲᠠ ᠶᠢᠨ ᠬᠢᠲᠤᠭ᠎ᠠ ᠵᠡᠷᠭᠡ ᠢᠷᠲᠦ ᠪᠠᠭᠠᠵᠢ᠂ ᠰᠢᠳᠠᠮ ᠵᠡᠷᠭᠡ ᠮᠣᠬᠤᠭᠤ ᠪᠠᠭᠠᠵᠢ᠂ ᠪᠠᠭᠠᠵᠢ ᠬᠡᠷᠡᠭᠰᠡᠯ ᠲᠠᠷᠢᠶᠠᠯᠠᠩ ᠤᠨ ᠪᠠᠭᠠᠵᠢ᠂ ᠮᠧᠬᠠᠨᠢᠭ ᠪᠤᠰᠤ ᠨᠤᠮᠤ ᠰᠤᠮᠤ  ᠶᠢᠨ ᠲᠥᠷᠥᠯ ᠤᠨ ᠪᠠᠭᠠᠵᠢ ᠬᠡᠷᠡᠭᠰᠡᠯ᠂ ᠪᠡᠶ᠎ᠡ ᠰᠡᠷᠭᠡᠶᠢᠯᠡᠬᠦ ᠰᠦᠷᠴᠢᠭᠦᠷ ᠵᠡᠷᠭᠡ ᠪᠤᠰᠤᠳ ᠡᠳ᠋ ᠪᠣᠳᠠᠰ ᠵᠢᠴᠢ ᠪᠡᠶ᠎ᠡ  ᠶᠢᠨ ᠭᠡᠷᠡᠴᠢ ᠪᠠ ᠬᠢᠵᠢᠭ ᠪᠠᠶᠢᠴᠠᠭᠠᠬᠤ ᠭᠡᠷᠡᠴᠢ ᠲᠠᠢ᠂ ᠪᠢᠲᠡᠭᠦᠦ ᠰᠠᠪᠠᠨ ᠳᠤ ᠰᠠᠪᠠᠯᠠᠭᠰᠠᠨ ᠡᠩᠬᠦᠷᠡᠶ ᠠᠮᠢᠲᠠᠨ ᠵᠡᠷᠭᠡ 5 ᠲᠥᠷᠥᠯ ᠪᠠᠭᠲᠠᠨ᠎ᠠ᠃      ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ      ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠭᠠᠷᠴᠠᠭ︾ ᠢ ᠤᠬᠠᠭᠤᠯᠤᠨ ᠲᠣᠭᠤᠰᠢᠯᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠷᠠᠭᠤᠯᠤᠨ᠂ ᠬᠠᠮᠢᠶ᠎ᠠ ᠪᠦᠬᠦᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠲᠣᠭᠲᠠᠭᠠᠯ ᠶᠣᠰᠣᠭᠠᠷ ᠮᠡᠳᠡᠭᠳᠡᠬᠦ ᠡᠭᠦᠷᠭᠡ ᠶᠢ ᠨᠢ ᠭᠦᠢᠴᠡᠳᠬᠡᠯᠭᠡᠵᠦ᠂ ᠪᠣᠭᠤᠳᠠᠯ ᠲᠠᠢ ᠡᠳ᠋ ᠪᠣᠳᠠᠰ ᠤᠨ ᠠᠮᠤᠷ ᠲᠥᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠂ ᠥᠷᠭᠡᠨ ᠣᠯᠠᠨ ᠠᠶᠠᠨᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠨᠢ ᠵᠢᠷᠤᠮᠯᠠᠭᠤᠯᠵᠤ᠂ ᠴᠠᠭᠠᠵᠠ ᠶᠢ ᠵᠥᠷᠢᠴᠡᠭᠰᠡᠨ ᠡᠳ᠋ ᠪᠣᠳᠠᠰ ᠢ ᠥᠷᠲᠡᠭᠡᠨ ᠳᠤ ᠣᠷᠣᠭᠤᠯᠵᠤ ᠲᠡᠷᠭᠡᠨ ᠳᠤ ᠭᠠᠷᠭᠠᠬᠤ ᠶᠢ ᠰᠡᠷᠭᠡᠶᠢᠯᠡᠨ᠂ ᠠᠶᠠᠨᠴᠢᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠪᠠ ᠵᠠᠮ ᠤᠨ ᠠᠶᠠᠨᠴᠢᠳ ᠤᠨ ᠲᠡᠭᠡᠭᠡᠪᠦᠷᠢ  ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃      ᠰᠢᠯᠵᠢᠭᠦᠯᠦᠨ ᠨᠡᠶᠢᠲᠡᠯᠡᠭᠰᠡᠨ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ      ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠠᠪᠴᠤ ᠶᠠᠪᠤᠬᠤ ᠪᠠ ᠨᠠᠶᠢᠳᠠᠨ ᠲᠡᠭᠡᠭᠡᠪᠦᠷᠢᠯᠡᠭᠦᠯᠬᠦ ᠶᠢ ᠴᠠᠭᠠᠵᠠᠯᠠᠬᠤ᠂ ᠬᠢᠵᠠᠭᠠᠷᠯᠠᠬᠤ ᠡᠳ᠋ ᠪᠣᠳᠠᠰ ᠤᠨ ᠭᠠᠷᠴᠠᠭ︾ ᠢ ᠨᠡᠶᠢᠲᠡᠯᠡᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠵᠠᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号