2021 ᠣᠨ ᠤ ᠤᠯᠤᠰ ᠤᠨ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠲᠠ ᠵᠢᠱᠢᠶ᠎ᠡ ᠦᠵᠡᠭᠦᠯᠬᠦ ᠰᠢᠶᠠᠨ ᠢ ᠭᠤᠶᠤᠴᠢᠯᠠᠨ ᠮᠡᠳᠡᠭᠦᠯᠬᠦ ᠪᠠᠷ ᠲᠠᠨᠢᠯᠴᠠᠭᠤᠯᠬᠤ ᠲᠤᠬᠠᠶ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2021/7/8
     ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠡᠳ᠋ ᠤᠨ ᠵᠠᠰᠠᠭ ᠤᠨ ᠶᠠᠮᠤᠨ  ᠲᠠᠷᠢᠶᠠᠯᠠᠩ ᠬᠥᠳᠡᠭᠡ ᠲᠣᠰᠬᠤᠨ ᠤ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︿ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠲᠤᠬᠠᠶ ᠰᠠᠨᠠᠯ︾ ᠤᠨ ᠶᠡᠷᠦᠩᠬᠡᠶ ᠪᠠᠶᠢᠷᠢᠯᠠᠭᠤᠯᠤᠯᠲᠠ ᠪᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ 2021 ᠣᠨ ᠤ ᠨᠢᠭᠡᠳᠦᠭᠡᠷ ᠪᠦᠯᠦᠭ ᠤᠨ ︿ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠣᠷᠣᠨ ᠤ 2021 ᠣᠨ ᠤ ᠤᠯᠤᠰ ᠤᠨ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠭᠠᠵᠠᠷ ᠣᠷᠣᠨ ᠢ ᠰᠢᠯᠭᠠᠷᠠᠭᠤᠯᠤᠯᠲᠠ ᠳᠤ ᠣᠷᠣᠯᠴᠠᠬᠤ ᠪᠠᠷ ᠲᠠᠨᠢᠯᠴᠠᠭᠤᠯᠬᠤ ᠨᠡᠷᠡᠰ ᠢ ᠵᠠᠷᠯᠠᠨ ᠨᠡᠶᠢᠲᠡᠯᠡᠬᠦ ᠪᠠᠷ ᠪᠠᠶᠢᠨ᠎ᠠ᠃      2021 ᠣᠨ ᠤ ᠤᠯᠤᠰ ᠤᠨ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠰᠢᠯᠭᠠᠷᠠᠭᠤᠯᠤᠯᠲᠠ ᠳᠤ ᠣᠷᠣᠯᠴᠠᠬᠤ ᠪᠠᠷ ᠲᠠᠨᠢᠯᠴᠠᠭᠤᠯᠬᠤ ᠨᠡᠷᠡᠰ᠄      ᠤᠯᠠᠭᠠᠨᠬᠠᠳᠠ ᠬᠤᠳᠠ      ᠤᠷᠳᠤᠰ ᠬᠤᠳᠠ      2021 ᠣᠨ ᠤ ᠤᠯᠤᠰ ᠤᠨ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠰᠢᠯᠭᠠᠷᠠᠭᠤᠯᠤᠯᠲᠠ ᠳᠤ ᠣᠷᠣᠯᠴᠠᠬᠤ ᠪᠠᠷ ᠲᠠᠨᠢᠯᠴᠠᠭᠤᠯᠬᠤ ᠨᠡᠷᠡᠰ᠄      ᠪᠤᠭᠤᠲᠤ ᠬᠤᠲᠠ᠄ ᠭᠦᠶᠡᠩ ᠰᠢᠶᠠᠨ      ᠬᠢᠩᠭᠠᠨ ᠠᠶᠢᠮᠠᠭ᠄ ᠤᠯᠠᠭᠠᠨᠬᠤᠲᠠ      ᠤᠯᠠᠭᠠᠨᠬᠠᠳᠠ ᠬᠤᠲᠠ᠄ ᠪᠠᠭᠠᠷᠢᠨ ᠵᠡᠭᠦᠨ ᠬᠤᠰᠢᠭᠤ᠂ ᠠᠤᠬᠠᠨ ᠬᠤᠰᠢᠭᠤ      ᠤᠷᠳᠤᠰ ᠬᠤᠳᠠ᠄ ᠦᠦᠰᠢᠨ ᠬᠤᠰᠢᠭᠤ      ᠪᠠᠶᠠᠨᠨᠠᠭᠤᠷ ᠬᠤᠲᠠ᠄ ᠯᠢᠨ ᠾᠧ ᠲᠣᠭᠤᠷᠢᠭ᠂ ᠤᠷᠠᠳ ᠤᠨ ᠳᠤᠮᠳᠠᠳᠤ ᠬᠤᠰᠢᠭᠤ      ᠵᠠᠷᠯᠠᠨ ᠨᠡᠶᠢᠲᠡᠯᠡᠬᠦ ᠬᠤᠭᠤᠴᠠᠭ᠎ᠠ᠄ 5 ᠠᠵᠢᠯᠯᠠᠬᠤ ᠡᠳᠦᠷ ︵2021 ᠣᠨ ᠤ 7 ᠳ᠋ᠤᠭᠠᠷ ᠰᠠᠷ᠎ᠠ ᠶᠢᠨ 5 ᠤ ᠡᠳᠦᠷ — 7 ᠳ᠋ᠤᠭᠠᠷ ᠰᠠᠷ᠎ᠠ ᠶᠢᠨ 9 ᠤ ᠡᠳᠦᠷ︶᠂ ᠬᠡᠷᠪᠡ ᠣᠨᠳᠣᠤ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠠᠯᠪᠠᠨ ᠬᠡᠷ ᠲᠠᠢ ᠬᠠᠷᠢᠯᠴᠠᠭᠠᠷᠠᠶ᠃      ᠬᠠᠷᠢᠯᠴᠠᠬᠤ ᠤᠲᠠᠰᠤ᠄ 0471-6932171      ᠬᠠᠷᠢᠯᠴᠠᠬᠤ ᠬᠥᠮᠦᠨ᠄ ᠾᠧ ᠪᠸᠢ ᠨᠢᠩ                         ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                         2021 ᠣᠨ ᠤ 7 ᠳ᠋ᠤᠭᠠᠷ ᠰᠠᠷ᠎ᠠ ᠶᠢᠨ 5 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号