ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠲᠠᠯᠠᠪᠤᠷ  ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/8/13
     ᠣᠶᠢᠷ᠎ᠠ ᠳᠤ᠂ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠠᠴᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠲᠠᠯᠠᠪᠦᠷ  ᠲᠤ ᠠᠵᠢᠯ ᠤᠨ ᠰᠠᠬᠢᠯᠭ᠎ᠠ ᠪᠠᠲᠤ ᠵᠢᠴᠢ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠥᠷᠨᠢᠭᠦᠯᠪᠡ᠃        ᠡᠩ ᠲᠡᠷᠢᠭᠦᠨ ᠳᠤ᠂ ᠪᠠᠶᠢᠴᠠᠭᠠᠬᠤ ᠳᠤᠭᠤᠶᠢᠯᠠᠩ ᠠᠴᠠ ᠥᠷᠲᠡᠭᠡᠨ ᠳᠤ ᠰᠠᠭᠤᠭ᠎ᠠ ᠨᠢᠭᠡᠴᠢ ᠶᠢᠨ ᠠᠵᠢᠯ ᠳᠤ ᠭᠠᠷᠬᠤ ᠶᠢ ᠲᠡᠮᠳᠡᠭᠯᠡᠬᠦ ᠳᠦᠷᠢᠮ᠂ ᠭᠠᠳᠠᠭᠰᠢ ᠭᠠᠷᠬᠤ ᠳᠤ ᠮᠡᠳᠡᠭᠦᠯᠵᠦ ᠳᠠᠩᠰᠠᠯᠠᠭᠤᠯᠬᠤ ᠵᠢᠴᠢ ᠥᠷᠲᠡᠭᠡᠨ ᠳᠣᠲᠣᠷᠠᠬᠢ ᠬᠢᠨᠠᠯᠲᠠ ᠲᠠᠯᠪᠢᠬᠤ ᠵᠡᠷᠭᠡ ᠠᠵᠢᠯ ᠢ ᠪᠠᠶᠢᠴᠠᠭᠠᠵᠤ᠂ ᠥᠷᠲᠡᠭᠡᠨ ᠳᠤ ᠰᠠᠭᠤᠭ᠎ᠠ ᠬᠠᠤᠯᠢ ᠬᠡᠷᠡᠭᠵᠢᠭᠦᠯᠬᠦ ᠠᠵᠢᠯᠲᠠᠨ ᠤ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠳᠦᠷᠢᠮᠵᠢᠭᠦᠯᠬᠦ᠂ ᠪᠠᠶᠢᠩᠭᠤᠵᠢᠭᠤᠯᠬᠤ᠂ ᠴᠢᠩᠳᠠᠯᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃      ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠠᠮᠤᠷ ᠲᠦᠪᠰᠢᠨ ᠤ ᠪᠠᠶᠢᠴᠠᠭᠠᠯᠲᠠ᠂ ᠪᠢᠯᠧᠲ ᠬᠤᠳᠠᠯᠳᠤᠬᠤ ᠲᠢᠩᠬᠢᠮ᠂ ᠲᠡᠷᠭᠡ ᠬᠦᠯᠢᠶᠡᠬᠦ ᠲᠢᠩᠬᠢᠮ᠂ ᠥᠷᠲᠡᠭᠡ ᠠᠴᠠ ᠭᠠᠷᠬᠤ ᠡᠭᠦᠳᠡᠨ ᠪᠠᠶᠢᠴᠠᠭᠠᠯᠲᠠ᠂ ᠲᠡᠷᠭᠡ ᠬᠥᠰᠬᠡ ᠶᠢᠨ ᠠᠮᠤᠷ ᠲᠦᠪᠰᠢᠨ ᠤ ᠵᠤᠷᠰᠢᠯ ᠪᠠᠶᠢᠴᠠᠭᠠᠯᠲᠠ ᠵᠡᠷᠭᠡ ᠭᠠᠵᠠᠷ ᠤᠨ ᠡᠵᠡᠩᠨᠡᠯᠲᠡ ᠶᠢᠨ ᠡᠮᠬᠢ ᠵᠢᠷᠤᠮ ᠢ ᠪᠠᠶᠢᠴᠠᠭᠠᠨ ᠦᠵᠡᠵᠦ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ︽ᠭᠤᠷᠪᠠᠨ ᠪᠤᠳᠠᠰ︾ ᠤᠨ ᠪᠠᠶᠢᠴᠠᠭᠠᠯᠲᠠ ᠶᠢ ᠪᠣᠳᠠᠲᠠᠶ ᠬᠡᠷᠡᠭᠵᠢᠭᠦᠯᠦᠭᠰᠡᠨ ᠡᠰᠡᠬᠦ ᠂ ︽ᠭᠤᠷᠪᠠ ᠶᠢ ᠥᠷᠲᠡᠭᠡᠨ ᠳᠤ ᠣᠷᠣᠭᠤᠯᠬᠤ ᠥᠬᠡᠶ᠂ ᠵᠢᠷᠭᠤᠭ᠎ᠠ ᠶᠢ ᠥᠷᠲᠡᠭᠡᠨ ᠠᠴᠠ ᠭᠠᠷᠭᠠᠬᠤ ᠥᠬᠡᠶ︾ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠡᠰᠡᠬᠦ ᠵᠡᠷᠭᠡ ᠲᠠᠯ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠠᠶᠠᠨᠴᠢᠳ  ᠤᠨ ᠲᠡᠭᠡᠭᠡᠪᠦᠷᠢ ᠶᠢᠨ ᠥᠷᠲᠡᠭᠡ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠪᠠ ᠠᠶᠤᠯᠭᠦᠢ ᠦᠶᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠬᠤ ᠳᠤᠭᠤᠶᠢᠯᠠᠩ ᠠᠴᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠳᠤ ᠰᠠᠭᠤᠭ᠎ᠠ ᠬᠥᠮᠦᠰ ᠲᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠨᠢ᠄ ᠨᠢᠭᠡ ᠳᠤ᠂ ᠥᠷᠲᠡᠭᠡᠨ ᠳᠤ ᠰᠠᠭᠤᠭ᠎ᠠ ᠬᠥᠮᠦᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠠᠵᠢᠯ  ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠣᠯᠤᠨ ᠠᠵᠢᠯᠯᠠᠭᠴᠢᠳ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠠᠶᠤᠯᠭᠦᠶ ᠦᠶᠯᠡᠳᠪᠦᠷᠢᠯᠡᠯ ᠤᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠶᠢ ᠪᠠᠲᠤᠯᠠᠬᠤ ᠬᠡᠷᠡᠭᠲᠡᠶ︔ ᠬᠤᠶᠠᠷ ᠲᠤ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠰᠢᠮᠳᠠᠭᠤᠯᠵᠤ ᠠᠶᠠᠨᠴᠢᠳ ᠤᠨ ᠲᠡᠭᠡᠭᠡᠪᠦᠷᠢ ᠶᠢᠨ ᠠᠵᠢᠯᠯᠠᠬᠤ ᠳᠦᠷᠢᠮ ᠵᠢᠴᠢ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠲᠡᠷᠭᠡ ᠬᠥᠰᠬᠡ ᠶᠢᠨ ᠠᠮᠤᠷ ᠲᠦᠪᠰᠢᠨ ᠤ ᠵᠤᠷᠰᠢᠯ ᠪᠠᠶᠢᠴᠠᠭᠠᠯᠲᠠ᠂ ︽ᠭᠤᠷᠪᠠᠨ ᠪᠤᠳᠠᠰ︾ ᠤᠨ ᠪᠠᠶᠢᠴᠠᠭᠠᠯᠲᠠ᠂ ᠦᠨᠡᠨ ᠨᠡᠷ᠎ᠡ ᠪᠠᠷ ᠢᠶᠠᠨ ᠪᠢᠯᠧᠲ ᠬᠤᠳᠠᠯᠳᠤᠨ ᠠᠪᠬᠤ ᠵᠡᠷᠭᠡ ᠠᠵᠢᠯ ᠲᠥᠷᠥᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠡᠷᠭᠡ ᠬᠥᠰᠬᠡ  ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠠᠮᠤᠷ ᠲᠦᠪᠰᠢᠨ ᠤ ᠰᠡᠷᠭᠡᠶᠢᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠵᠦᠶᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠡᠬᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠠᠷᠠᠳ ᠣᠯᠠᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号