ᠦᠶᠤᠸᠠᠨ ᠤ ᠠᠷᠠᠴᠢᠯᠠᠨ ᠬᠠᠮᠠᠭᠠᠯᠠᠬᠤ ᠭᠠᠵᠠᠷ ᠨᠢ ᠵᠠᠰᠠᠮᠠᠯ ᠵᠠᠮ ᠤᠨ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ ᠵᠢᠴᠢ ᠳᠠᠭᠠᠭᠠᠴᠠ ᠶᠢ ᠬᠢᠵᠠᠭᠠᠷᠯᠠᠬᠤ ᠲᠠᠮᠳᠡᠭᠲᠦ ᠫᠠᠶᠢᠰᠠ ᠶᠢ ᠲᠤᠬᠢᠷᠠᠭᠤᠯᠤᠨ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/8/16
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠤᠨ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ ᠪᠠ ᠳᠠᠭᠠᠭᠠᠴᠠ ᠶᠢ ᠬᠢᠵᠠᠭᠠᠷᠯᠠᠬᠤ ᠲᠠᠮᠳᠡᠭᠲᠦ ᠫᠠᠶᠢᠰᠠ ᠶᠢ ᠲᠤᠬᠢᠷᠠᠭᠤᠯᠤᠨ ᠰᠣᠯᠢᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠣᠶᠢᠷ᠎ᠠ ᠳᠤ᠂ ᠪᠠᠶᠠᠨᠨᠠᠭᠤᠷ ᠬᠤᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠤᠨ ᠦᠶᠤᠸᠠᠨ ᠤ ᠠᠷᠠᠴᠢᠯᠠᠨ ᠬᠠᠮᠠᠭᠠᠯᠠᠬᠤ ᠭᠠᠵᠠᠷ ᠨᠢ ᠬᠦᠴᠦ ᠪᠠᠨ ᠲᠥᠪᠯᠡᠷᠡᠭᠦᠯᠦᠨ ᠠᠷᠠᠴᠢᠯᠠᠨ ᠬᠠᠮᠠᠭᠠᠯᠠᠬᠤ ᠦᠶᠯᠡᠳᠪᠦᠷᠢᠯᠡᠯ ᠤᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠬᠠᠷᠢᠶᠠᠲᠦ ᠣᠷᠣᠨ ᠤ ᠤᠯᠤᠰ ᠮᠤᠵᠢ ᠶᠢᠨ ᠭᠤᠤᠯ ᠱᠤᠭᠤᠮ ᠤᠨ 80 ᠰᠠᠭᠤᠷᠢ ᠵᠠᠰᠠᠮᠠᠯ ᠵᠠᠮ ᠤᠨ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ ᠪᠠ ᠳᠠᠭᠠᠭᠠᠴᠠ ᠶᠢ ᠬᠢᠵᠠᠭᠠᠷᠯᠠᠬᠤ ᠲᠠᠮᠳᠡᠭᠲᠦ ᠫᠠᠶᠢᠰᠠ ᠶᠢ ᠲᠤᠬᠢᠷᠠᠭᠤᠯᠤᠨ ᠰᠣᠯᠢᠪᠠ᠃      ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢᠨ ᠲᠥᠯᠥᠭᠡ᠂ ᠲᠣᠰ ᠭᠠᠵᠠᠷ ᠤᠨ ᠬᠢᠨ ᠬᠠᠷᠢᠶᠠᠨ  ᠳᠠᠬᠢ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠬᠥᠭᠦᠷᠭᠡ ᠶᠢ ᠪᠥᠬᠦ ᠲᠠᠯ᠎ᠠ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠵᠠᠮ ᠱᠤᠭᠤᠮ ᠬᠤᠪᠢᠶᠠᠨ ᠬᠠᠷᠠᠭᠠᠯᠵᠠᠭᠰᠠᠨ ᠡᠬᠡ ᠲᠠᠩᠰᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠵᠠᠰᠠᠮᠠᠯ ᠵᠠᠮ ᠤᠨ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ ᠪᠠ ᠳᠠᠭᠠᠭᠠᠴᠠ ᠶᠢ ᠬᠢᠵᠠᠭᠠᠷᠯᠠᠬᠤ ᠲᠠᠮᠳᠡᠭᠲᠦ ᠫᠠᠶᠢᠰᠠ ᠨᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠮ ᠬᠡᠮᠵᠢᠶ᠎ᠡ᠂ ᠮᠠᠲ᠋ᠧᠷᠢᠶᠠᠯ ᠤᠨ ᠴᠢᠨᠠᠷ ᠢ ᠨᠢᠭᠡᠳᠦᠯᠳᠠᠢ ᠪᠤᠯᠭᠠᠪᠠ᠃ ᠵᠠᠰᠠᠮᠠᠯ ᠵᠠᠮ ᠤᠨ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ ᠶᠢ ᠬᠤᠶᠠᠷ ᠴᠢᠭᠯᠡᠯ ᠢᠶᠠᠷ ᠨᠡᠪᠲᠡᠷᠡᠬᠦ ᠬᠥᠭᠦᠷᠭᠡ ᠶᠢᠨ ᠬᠤᠶᠠᠷ ᠲᠠᠯ᠎ᠠ ᠳᠤ ᠲᠣᠰ ᠪᠦᠷᠢ ᠨᠢᠭᠡ ᠬᠡᠰᠡᠭ ᠲᠣᠬᠢᠷᠠᠭᠤᠯᠵᠤ᠂ ᠲᠠᠩ ᠴᠢᠭᠯᠡᠯ ᠢᠶᠠᠷ ᠨᠡᠪᠲᠡᠷᠡᠬᠦ ᠬᠥᠭᠦᠷᠭᠡ ᠶᠢ ᠬᠥᠭᠦᠷᠭᠡ ᠶᠢᠨ ᠦᠵᠦᠭᠦᠷ ᠠᠴᠠ ᠣᠶᠢᠷ᠎ᠠ ᠪᠠᠶᠢᠭ᠎ᠠ ᠲᠡᠷᠭᠡ ᠶᠠᠪᠤᠬᠤ ᠴᠢᠭᠯᠡᠯ ᠤᠨ ᠪᠠᠷᠠᠭᠤᠨ ᠲᠠᠯ᠎ᠠ ᠳᠤ ᠲᠤᠬᠢᠷᠠᠭᠤᠯᠪᠠ᠃ ᠵᠠᠰᠠᠮᠠᠯ ᠵᠠᠮ ᠤᠨ ᠬᠥᠭᠦᠷᠭᠡ ᠶᠢᠨ ᠳᠠᠭᠠᠭᠠᠴᠠ ᠶᠢ ᠬᠢᠵᠠᠭᠠᠷᠯᠠᠬᠤ ᠲᠠᠮᠳᠡᠭᠲᠦ ᠫᠠᠶᠢᠰᠠ ᠶᠢ ᠬᠥᠭᠦᠷᠭᠡ ᠶᠢᠨ ᠡᠮᠦᠨ᠎ᠡ ᠲᠠᠯ᠎ᠠ ᠵᠢᠴᠢ ᠣᠶᠢᠷ᠎ᠠ ᠬᠠᠪᠢ ᠶᠢᠨ ᠤᠷᠤᠴᠠ ᠭᠠᠷᠴᠠ᠂ ᠰᠤᠯᠪᠢᠴᠠᠭ᠎ᠠ ᠠᠭᠤᠯᠵᠠᠷ ᠵᠡᠷᠭᠡ ᠣᠷᠣᠨ ᠪᠠᠶᠢᠷᠢ ᠳᠤ ᠲᠤᠰ ᠪᠦᠷᠢ ᠨᠢᠭᠡ ᠬᠡᠰᠡᠭ ᠲᠤᠬᠢᠷᠠᠭᠤᠯᠪᠠ      ᠣᠳᠣᠬᠠᠨ ᠪᠣᠯᠲᠠᠯ᠎ᠠ᠂ ᠲᠣᠰ ᠭᠠᠵᠠᠷ ᠨᠢ ᠨᠡᠶᠢᠲᠡ 126 ᠬᠡᠰᠡᠭ ᠵᠠᠰᠠᠮᠠᠯ ᠵᠠᠮ ᠤᠨ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ᠂ 200 ᠬᠡᠰᠡᠭ ᠵᠠᠰᠠᠮᠠᠯ ᠵᠠᠮ ᠤᠨ ᠬᠥᠭᠦᠷᠭᠡ ᠶᠢᠨ ᠳᠠᠭᠠᠭᠠᠴᠠ ᠶᠢ ᠬᠢᠵᠠᠭᠠᠷᠯᠠᠬᠤ ᠲᠠᠮᠳᠡᠭᠲᠦ ᠫᠠᠶᠢᠰᠠ ᠶᠢ ᠲᠤᠬᠢᠷᠠᠭᠤᠯᠤᠨ ᠰᠤᠯᠢᠵᠤ᠂ ᠬᠠᠷᠢᠶᠠᠲᠦ ᠣᠷᠣᠨ ᠤ ᠬᠠᠮᠢᠶᠠᠷᠴᠤ ᠠᠷᠠᠴᠢᠯᠠᠬᠤ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ ᠵᠢᠴᠢ ᠳᠠᠭᠠᠭᠠᠴᠠ ᠶᠢ ᠬᠢᠵᠠᠭᠠᠷᠯᠠᠬᠤ ᠲᠠᠮᠳᠡᠭᠲᠦ ᠫᠠᠶᠢᠰᠠ ᠶᠢ ᠪᠦᠬᠦᠨ ᠢ ᠲᠤᠬᠢᠷᠠᠭᠤᠯᠤᠨ ᠰᠣᠯᠢᠬᠤ ᠠᠵᠢᠯ ᠢ ᠨᠢᠭᠡᠨᠳᠡ ᠲᠡᠭᠦᠰ ᠠᠮᠵᠢᠯᠲᠠ ᠲᠠᠢ ᠪᠡᠶᠡᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号