ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠤᠨ ᠨᠠᠰᠤᠲᠠᠳ ᠢ ᠲᠤᠰᠠᠯᠠᠬᠤ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/8/16
     ᠣᠶᠢᠯᠠᠭᠠᠭᠰᠠᠨ ᠢᠶᠠᠷ᠂ ᠨᠠᠰᠤᠲᠠᠳ ᠢ ᠲᠤᠰᠠᠯᠠᠬᠤ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ ᠪᠠᠶᠢᠭᠤᠯᠤᠭᠳᠠᠬᠤ ᠪᠣᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠡᠶᠢᠭᠡᠮ ᠤᠨ ᠬᠦᠴᠦᠨ ᠳᠤ ᠲᠦᠰᠢᠭᠯᠡᠨ ᠨᠠᠰᠤᠲᠠᠨ ᠢ ᠬᠠᠪᠰᠤᠷᠬᠤ ᠨᠠᠰᠤᠲᠠᠨ ᠢ ᠬᠠᠶᠢᠷᠠᠯᠠᠬᠤ ᠠᠷᠭ᠎ᠠ ᠵᠠᠮ ᠤᠨ ᠨᠢᠭᠡ ᠵᠦᠶᠯ ᠤᠨ ᠠᠰᠢᠭᠲᠠᠶ ᠰᠥᠪᠡᠭᠴᠢᠯᠡᠯᠲᠡ ᠪᠠ ᠲᠤᠷᠰᠢᠯᠲᠠ ᠪᠣᠯᠤᠨ᠎ᠠ᠂ ᠮᠥᠨ ᠴᠦ ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠬᠤᠯᠪᠣᠭᠠᠲᠤ ᠬᠤᠷᠠᠯ ᠠᠴᠠ ᠨᠠᠰᠤᠲᠠᠨ ᠢ ᠡᠳ᠋ ᠮᠦᠩᠭᠦ ᠪᠠᠷ ᠲᠤᠰᠠᠯᠠᠬᠤ ᠨᠢᠭᠡ ᠵᠦᠶᠯ ᠤᠨ ᠰᠢᠨ᠎ᠡ ᠵᠠᠭᠪᠤᠷ ᠪᠣᠯᠤᠨ᠎ᠠ᠃ ᠲᠤᠰ ᠬᠡᠳᠦ ᠳᠡᠯᠭᠡᠭᠦᠷ ᠤᠨ ᠭᠤᠣᠯ ᠦᠢᠯᠡᠴᠢᠯᠡᠬᠦ ᠡᠲᠡᠭᠡᠳ ᠪᠣᠯ ᠥᠪᠡᠷᠲᠡᠭᠡᠨ ᠵᠠᠰᠠᠬᠤ ᠣᠷᠣᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠠᠵᠢᠯᠲᠠᠨ ᠠᠵᠢᠯᠴᠢᠨ ᠵᠢᠴᠢ ᠲᠡᠭᠦᠨ ᠤ ᠬᠠᠨᠢ ᠨᠥᠬᠦᠷ ᠪᠣᠯᠤᠨ᠎ᠠ᠃ ᠲᠣᠰ ᠬᠡᠲᠦ ᠳᠡᠯᠭᠡᠭᠦᠷ ᠨᠢ ᠡᠳᠦᠷ ᠲᠣᠲᠤᠮ ᠤᠨ ᠬᠡᠷᠡᠭᠴᠡᠭᠡ ᠲᠠᠢ ᠬᠥᠮᠦᠰ ᠲᠤ ᠦᠨ᠎ᠡ ᠲᠥᠯᠥᠪᠦᠷᠢ ᠦᠭᠡᠢ ᠪᠠᠷ ᠪᠠᠷᠠᠭ᠎ᠠ ᠶᠢ ᠭᠡᠷ ᠲᠤ ᠨᠢ ᠬᠦᠷᠭᠡᠵᠦ ᠥᠭᠭᠦᠨ᠎ᠡ᠃ ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠬᠤᠯᠪᠣᠭᠠᠲᠤ ᠬᠤᠷᠠᠯ  ᠠᠴᠠ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠤᠨ ᠨᠠᠰᠤᠲᠠᠳ ᠢ ᠲᠤᠰᠠᠯᠠᠬᠤ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠲᠤ ᠬᠦᠷᠳᠦᠲᠦ ᠰᠠᠨᠳᠠᠯᠢ᠂ ᠲᠠᠶᠠᠭ᠂ ᠠᠯᠮᠠᠭᠤᠷ ᠵᠡᠷᠭᠡ ᠵᠡᠮᠳᠡᠭ ᠨᠠᠰᠤᠲᠠᠶᠢᠴᠤᠳ ᠤᠨ ᠬᠡᠷᠡᠭᠰᠡᠯ ᠢ ᠨᠡᠶᠢᠲᠡ 42 ᠵᠦᠶᠯ ᠬᠠᠩᠭᠠᠪᠠ᠃      ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠨᠠᠮ  ᠤᠨ ᠶᠡᠷᠦᠩᠬᠡᠶ ᠡᠭᠦᠷ ᠠᠴᠠ ︽ᠲᠡᠦᠬᠡ ᠪᠠᠷ ᠲᠣᠯᠢ ᠪᠣᠯᠭᠠᠵᠤ ᠢᠷᠡᠭᠡᠳᠦᠶ ᠪᠠᠨ ᠴᠣᠭᠴᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤᠮᠳᠠ᠂ ᠨᠠᠰᠤᠲᠠᠳ ᠢ ᠬᠠᠯᠠᠮᠵᠢᠯᠠᠬᠤ ᠠᠵᠢᠯᠯᠠᠭ᠎ᠠ ᠥᠷᠨᠢᠭᠦᠯᠬᠦ ᠪᠣᠯ ᠠᠷᠠᠳ ᠲᠦᠮᠡᠨ ᠳᠤ ᠦᠶᠯᠡᠴᠢᠯᠡᠬᠦ᠂ ᠳᠠᠷᠤᠶ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠲᠤ ᠦᠶᠯᠡᠴᠢᠯᠡᠬᠦ ᠪᠣᠳᠠᠲᠠᠶ ᠠᠷᠭ᠎ᠠ ᠬᠡᠮᠵᠢᠶ᠎ᠡ ᠶᠢ ᠦᠶᠯᠡᠳᠦᠯᠭᠡᠵᠢᠭᠦᠯᠵᠦ᠂ ᠠᠬᠠᠮᠠᠳ ᠨᠥᠬᠦᠳ  ᠤᠨ ᠬᠦᠷᠲᠡᠭᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠲᠡᠳᠡᠨ ᠢ ᠬᠠᠪᠰᠤᠷᠤᠨ ᠠᠮᠢᠳᠤᠷᠠᠯ  ᠤᠨ ᠠᠰᠠᠭᠤᠳᠠᠯ ᠢ ᠨᠢ ᠰᠢᠶᠳᠪᠦᠷᠢᠯᠡᠵᠦ ᠥᠭᠭᠦᠭᠰᠡᠨ ᠤ ᠬᠠᠮᠲᠤ᠂ ᠨᠠᠮ ᠤᠨ ᠬᠠᠶᠢᠷ᠎ᠠ ᠬᠠᠯᠠᠮᠵᠢ ᠪᠠ ᠵᠥᠩᠨᠡᠯ ᠢ ᠳᠠᠮᠵᠢᠭᠤᠯᠵᠤ᠂ ᠨᠠᠰᠤᠲᠠᠳ ᠢ ᠬᠠᠯᠠᠮᠵᠢᠯᠠᠬᠤ ᠴᠡᠴᠡᠭ ᠢ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠲᠤ ᠳᠡᠯᠭᠡᠷᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号