ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠤᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ︽ᠬᠠᠶᠢᠷ᠎ᠠ ᠬᠠᠯᠠᠮᠵᠢ ᠶᠢᠨ ᠥᠷᠲᠡᠭᠡ ︾ ᠶᠢ ᠴᠢᠷᠮᠠᠶᠢᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/8/16
     ᠰᠤᠷᠪᠤᠯᠵᠢᠯᠠᠭ᠎ᠠ ᠬᠦᠯᠢᠶᠡᠭᠴᠢ᠄ ᠰᠦᠨ ᠰᠢᠶᠣᠣ ᠸᠧᠨ      ᠰᠤᠷᠪᠤᠯᠵᠢᠯᠠᠭᠰᠠᠨ ᠴᠠᠭ᠄ 2021-7-27      ᠭᠤᠣᠯ ᠠᠭᠤᠯᠭ᠎ᠠ᠄ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠪᠣᠯ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠶ ᠦᠢᠯᠡᠴᠢᠯᠡᠭᠡᠨ ᠤ ᠠᠵᠤ ᠦᠢᠯᠡᠰ ᠮᠥᠨ᠂ ᠪᠠᠰᠠ ᠴᠤ ᠥᠷᠭᠡᠨ ᠤᠯᠠᠨ ᠠᠷᠠᠳ ᠲᠦᠮᠡᠨ ᠤ ᠠᠵᠢᠯ ᠤᠯᠬᠤ᠂ ᠠᠵᠢᠯ ᠰᠣᠩᠭᠤᠬᠤ᠂ ᠠᠳᠠᠯ ᠦᠢᠯᠡᠰ ᠴᠣᠭᠴᠠᠯᠠᠬᠤ ᠲᠤᠮᠤ ᠲᠠᠪᠴᠠᠩ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠡᠷᠡᠭᠦᠯ ᠲᠣᠭᠲᠠᠭᠤᠨ ᠴᠢᠨᠠᠷ ᠰᠠᠶᠢᠲᠠᠶ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠲᠠᠢ ᠬᠠᠮᠲᠤᠷᠠᠨ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠮᠵᠢᠪᠡ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠶᠤᠤ ᠸᠧᠨ ᠨᠥᠬᠦᠷ ᠢ ᠤᠷᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ  ᠶᠢᠨ ᠠᠵᠢᠯ ᠥᠷᠨᠢᠭᠦᠯᠦᠭᠰᠡᠨ ᠪᠠᠶᠢᠳᠠᠯ ᠢ ᠣᠯᠠᠨ ᠳᠤ ᠲᠠᠨᠢᠯᠴᠠᠭᠤᠯᠵᠤ ᠦᠭᠭᠦᠨ᠎ᠡ᠃      ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠦᠯᠵᠢᠶᠡᠨ ᠤ ᠠᠨᠳᠠ ᠨᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢ ᠠᠩᠬᠠᠷᠬᠤ ᠶᠢ ᠪᠠᠶᠠᠷᠯᠠᠨ ᠤᠭᠲᠤᠵᠤ ᠪᠠᠶᠢᠨ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠶᠤᠤ ᠸᠧᠨ ᠨᠥᠬᠦᠷ ᠢ ᠤᠷᠢᠵᠤ᠂ ᠲᠡᠭᠦᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠣᠯᠠᠨ ᠳᠤ ᠲᠠᠨᠢᠯᠴᠠᠭᠤᠯᠵᠤ ᠦᠭᠭᠦᠨ᠎ᠡ᠃ ᠰᠦᠨ ᠲᠣᠭᠤᠷᠢᠨ ᠪᠠᠶᠢᠴᠠᠭᠠᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ 2021-07-27 09:30:00      ᠬᠦᠯᠢᠶᠡᠭᠴᠢ᠄ ᠰᠦᠨ ᠰᠢᠶᠤᠤ ᠸᠧᠨ      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠶᠠᠮᠦᠨ ᠤ ᠰᠦᠯᠵᠢᠶᠡᠨ ᠤ ᠰᠤᠷᠪᠤᠯᠵᠢᠯᠠᠭ᠎ᠠ ᠳᠤ ᠵᠣᠴᠢᠨ ᠪᠣᠯᠵᠤ᠂ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠤ ᠪᠠᠨ ᠮᠠᠰᠢ ᠪᠠᠶᠠᠷᠲᠠᠶ ᠪᠠᠶᠢᠨ᠎ᠠ᠃ 2021-07-27 09:30:00      ᠬᠥᠲᠥᠯᠥᠭᠴᠢ᠄      ᠡᠩ ᠲᠡᠷᠢᠭᠦᠨ ᠳᠤ᠂ ᠰᠦᠨ ᠲᠣᠭᠤᠷᠢᠨ ᠪᠠᠶᠢᠴᠠᠭᠠᠭᠴᠢ ᠠᠴᠠ ᠪᠢᠳᠡᠨ ᠳᠤ ︽ᠵᠢᠯᠣᠭᠤᠴᠢ ᠶᠢᠨ ᠭᠡᠷ︾ ᠤᠨ ᠡᠭᠦᠰᠦᠯ ᠪᠠ ᠠᠬᠤᠢ ᠪᠠᠶᠢᠳᠠᠯ ᠢ ᠲᠠᠨᠢᠯᠴᠠᠭᠤᠯᠤᠶ᠎ᠠ᠃ 2021-07-27 09:32:00      ᠬᠦᠯᠢᠶᠡᠭᠴᠢ᠄ ᠰᠦᠨ ᠰᠢᠶᠤᠤ ᠸᠧᠨ      ᠮᠠᠨ ᠤ ᠤᠯᠤᠰ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠰᠠᠭᠤᠷᠢ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ᠂ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠪᠣᠯᠬᠤ ᠲᠡᠭᠡᠭᠡᠪᠦᠷᠢ ᠶᠢᠨ ᠦᠢᠯᠡᠰ ᠤᠨ ᠪᠠᠶᠢᠷᠢ ᠰᠠᠭᠤᠷᠢ ᠨᠡᠩ ᠲᠤᠪᠤᠶᠢᠮ᠎ᠠ ᠪᠤᠯᠵᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠲᠦᠰᠢᠭ ᠲᠤᠯᠭᠠᠭᠤᠷᠢ ᠪᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠪᠣᠯ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠦᠨ᠂ ᠤᠯᠤᠰ ᠤᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠴᠢᠬᠤᠯᠠ ᠲᠦᠰᠢᠭ ᠠᠴᠢᠶᠠᠯᠠᠪᠤᠷᠢ ᠮᠦᠨ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠶ ᠦᠢᠯᠡᠴᠢᠯᠡᠭᠡᠨ ᠤ ᠦᠢᠯᠡᠰ ᠮᠦᠨ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠳᠤ ᠮᠠᠨ ᠤ ᠤᠯᠤᠰ ᠤᠨ ᠪᠥᠬᠦ ᠨᠡᠶᠢᠭᠡᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 473.6 ᠳ᠋ᠦᠩᠰᠢᠭᠤᠷ ᠲᠣᠨ᠂ ᠡᠭᠦᠨ ᠳᠤ ᠵᠠᠰᠠᠮᠠᠯ ᠵᠠᠮ ᠤᠨ ᠲᠡᠭᠡᠭᠡᠪᠦᠷᠢ ᠶᠢᠨ ᠡᠵᠡᠯᠡᠬᠦ ᠬᠠᠷᠢᠴᠠᠯ 72.4% ᠳᠤ ᠬᠦᠷᠴᠡᠶ ᠂ ᠪᠦᠷᠢᠳᠬᠡᠯ ᠢ ᠦᠨᠳᠦᠰᠦᠯᠡᠪᠡᠯ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠪᠥᠬᠦ ᠨᠡᠶᠢᠭᠡᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 17.1 ᠳ᠋ᠦᠩᠰᠢᠭᠤᠷ ᠲᠣᠨ᠂ ᠡᠭᠦᠨ ᠳᠤ ᠵᠠᠰᠠᠮᠠᠯ ᠵᠠᠮ ᠤᠨ ᠲᠡᠭᠡᠭᠡᠪᠦᠷᠢ ᠶᠢᠨ ᠡᠵᠡᠯᠡᠬᠦ ᠬᠠᠷᠢᠴᠠᠯ 63.9% ᠳᠤ ᠬᠦᠷᠴᠦ᠂ ᠲᠡᠭᠡᠭᠡᠪᠦᠷᠢ ᠶᠢᠨ ᠬᠡᠯᠪᠡᠷᠢ ᠠᠴᠠ ᠦᠵᠡᠪᠡᠯ᠂ ᠵᠠᠰᠠᠮᠠᠯ ᠵᠠᠮ ᠤᠨ ᠲᠡᠭᠡᠭᠡᠪᠦᠷᠢ ᠮᠥᠨ ᠬᠦ ᠠᠵᠢᠯ ᠲᠥᠷᠥᠯ ᠤᠨ ᠭᠤᠤᠯᠯᠠᠬᠤ ᠪᠠᠶᠢᠷᠢᠨ ᠳᠤ ᠣᠷᠤᠰᠢᠵᠤ ᠪᠠᠶᠢᠨ᠎ᠠ᠃ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠨᠢ᠂ ᠤᠯᠤᠰ ᠠᠷᠠᠳ ᠤᠨ ᠠᠵᠤ ᠠᠬᠤᠶ ᠶᠢᠨ ᠲᠣᠭᠲᠠᠭᠤᠨ ᠡᠷᠭᠢᠯᠲᠡ ᠲᠠᠢ ᠬᠤᠯᠪᠣᠭᠳᠠᠵᠤ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠥᠪᠡᠷ ᠤᠨ ᠥᠷᠳᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠲᠠᠢ ᠬᠤᠯᠪᠣᠭᠳᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠲᠠᠢ ᠬᠤᠯᠪᠣᠭᠳᠠᠬᠤ ᠶᠢᠨ ᠬᠠᠮᠲᠤ᠂ ᠪᠠᠰᠠ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠤᠨ ᠥᠷᠭᠡᠨ ᠤᠯᠠᠨ ᠠᠵᠢᠯᠯᠠᠭᠰᠠᠳ ᠤᠨ ᠠᠮᠤᠷ ᠵᠢᠮᠤᠷ ᠠᠵᠤ ᠲᠦᠷᠦᠭᠦ ᠶᠢᠨ ᠦᠨᠳᠦᠰᠦᠨ ᠱᠠᠭᠠᠷᠳᠠᠯᠭ᠎ᠠ ᠪᠣᠯᠤᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠦᠢᠯᠡᠰ ᠲᠦᠷᠭᠡᠨ ᠬᠥᠭᠵᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠪᠣᠯᠪᠠᠴᠤ᠂ ᠣᠷᠳᠣ ᠬᠤᠭᠤᠴᠠᠭ᠎ᠠ ᠪᠠᠷ ᠬᠤᠷᠠᠮᠳᠤᠭᠰᠠᠨ ︽ᠣᠯᠠᠨ᠂ ᠪᠠᠭ᠎ᠠ᠂ ᠲᠠᠷᠠᠬᠠᠶ᠂ ᠪᠠᠭᠤᠷᠠᠶ︾ ᠵᠡᠷᠭᠡ ᠪᠦᠲᠦᠴᠡ ᠶᠢᠨ ᠴᠢᠨᠠᠷᠲᠠᠶ ᠵᠥᠷᠢᠴᠡᠯ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠡᠩ ᠤᠨ ᠲᠡᠭᠡᠭᠡᠪᠦᠷᠢ ᠶᠢᠨ ᠬᠦᠴᠦᠨ ᠬᠠᠷᠢᠴᠠᠩᠭᠤᠶ ᠪᠠᠷ ᠦᠯᠡᠭᠦᠳᠡᠵᠦ᠂ ᠡᠵᠡᠩᠨᠡᠯᠲᠡ ᠶᠢᠨ ᠡᠷᠦᠬᠡ ᠶᠢᠨ ᠳᠠᠷᠤᠭᠠᠰᠤ ᠨᠡᠯᠢᠶᠡᠳ ᠬᠦᠨᠳᠦ ᠪᠠᠶᠢᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ  ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠡᠯᠢᠶᠡᠳ ᠠᠨᠠᠶ ᠪᠠᠶᠢᠨ᠎ᠠ᠃ 2020 ᠣᠨ ᠤ ᠪᠦᠷᠢᠳᠬᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠲᠤ 2000 ᠭᠠᠷᠤᠶ ᠲᠦᠮᠡᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ  ᠠᠵᠢᠯᠯᠠᠭᠰᠠᠳ᠂ 1300 ᠭᠠᠷᠤᠶ ᠲᠦᠮᠡᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ᠂ ᠥᠪᠡᠷᠲᠡᠭᠡᠨ ᠵᠠᠰᠠᠬᠤ ᠣᠷᠣᠨ ᠤ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯᠯᠠᠭᠰᠠᠳ 30 ᠭᠠᠷᠤᠶ ᠲᠦᠮᠡᠨ ᠬᠥᠮᠦᠨ᠂ 20 ᠭᠠᠷᠤᠶ ᠲᠦᠮᠡᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠲᠠᠢ᠃ ᠶᠡᠷᠦᠩᠬᠡᠶ ᠳᠤ ᠨᠢ ᠠᠪᠴᠤ ᠬᠡᠯᠡᠪᠡᠯ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠶᠠᠪᠤᠬᠤ ᠵᠠᠶ ᠨᠢ ᠪᠦᠷ ᠨᠡᠯᠢᠶᠡᠳ ᠬᠤᠯᠠ᠂ ᠦᠢᠯᠡᠴᠢᠯᠡᠭᠡᠨ ᠤ ᠲᠥᠬᠦᠭᠡᠷᠦᠮᠵᠢ ᠳᠤᠲᠠᠮᠠᠭ ᠠᠴᠠ ᠪᠣᠯᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠵᠥᠪᠬᠡᠨ ︽ᠲᠡᠷᠭᠡ ᠪᠠᠷ ᠭᠡᠷ ᠢᠶᠠᠨ ᠪᠣᠯᠭᠠᠵᠤ︾᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠨᠡᠶᠢᠭᠡᠮᠯᠢᠭ ᠲᠤ ᠨᠠᠶᠢᠳᠠᠵᠤ ᠲᠤᠰᠬᠠᠶᠢᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠠᠶᠢᠴᠠᠭᠠᠨ ᠰᠤᠳᠤᠯᠤᠯᠲᠠ ᠬᠢᠯᠭᠡᠵᠦ᠂ ᠦᠷ᠎ᠡ ᠳ᠋ᠦᠩ ᠠᠴᠠ ᠢᠯᠡᠷᠡᠭᠦᠯᠦᠭᠰᠡᠨ ᠨᠢ᠂ ᠠᠵᠢᠯ ᠤᠨ ᠴᠠᠭ ᠠᠴᠠ ᠦᠵᠡᠪᠡᠯ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠤᠨ ᠡᠷᠴᠢᠮ ᠶᠡᠷᠦᠩᠬᠡᠶ ᠳᠤ ᠪᠠᠨ ᠨᠡᠯᠢᠶᠡᠳ ᠶᠡᠭᠡ᠂ ᠵᠢᠯᠣᠭᠤᠳᠬᠤ ᠶᠠᠪᠤᠴᠠ ᠳᠤ ᠲᠣᠭᠲᠠᠭᠰᠠᠨ ᠠᠮᠠᠷᠠᠯᠲᠠ ᠶᠢᠨ ᠴᠠᠭ ᠦᠭᠡᠶ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠵᠡᠯᠡᠬᠦ ᠬᠠᠷᠢᠴᠡᠯ ᠨᠢ ᠨᠡᠯᠢᠶᠡᠳ ᠶᠡᠭᠡ ᠪᠠᠶᠢᠳᠠᠭ᠃ ᠮᠠᠰᠢ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠣᠷᠳᠣ ᠬᠤᠭᠤᠴᠠᠭ᠎ᠠ ᠪᠠᠷ ᠲᠡᠷᠭᠡ ᠵᠢᠯᠣᠭᠤᠳᠴᠤ᠂ ᠠᠮᠢᠳᠤᠷᠠᠯ ᠨᠢ ᠵᠢᠮ᠎ᠡ ᠶᠣᠰᠣ ᠥᠬᠡᠶ ᠠᠴᠠ ᠪᠣᠯᠵᠣ ᠬᠤᠳᠣᠭᠤᠳᠣᠨ ᠡᠪᠡᠳᠴᠢᠨ᠂ ᠬᠦᠵᠦᠭᠦᠦ ᠰᠡᠭᠡᠷ ᠤᠨ ᠡᠪᠡᠳᠴᠢᠨ ᠂ ᠴᠢᠰᠤᠨ ᠳᠠᠷᠤᠯᠲᠠ ᠥᠨᠳᠥᠷ ᠵᠡᠷᠭᠡ ᠠᠵᠢᠯ ᠤᠨ ᠨᠥᠯᠥᠭᠡᠨ ᠤ ᠡᠪᠡᠳᠴᠢᠨ ᠳᠤ ᠨᠡᠷᠪᠡᠭᠳᠡᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠠᠵᠢᠯ ᠤᠨ ᠨᠡᠷ᠎ᠡ ᠬᠦᠨᠳᠦ ᠶᠢ ᠳᠡᠭᠡᠭᠰᠢᠯᠡᠭᠦᠯᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ  ᠬᠦᠷᠲᠡᠭᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠡᠷᠡᠭᠦᠯ ᠲᠣᠭᠲᠠᠭᠤᠨ ᠢᠶᠠᠷ ᠬᠥᠭᠵᠢᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ 2017 ᠣᠨ ᠤ 9 ᠳ᠋ᠦ᠋ᠭᠡᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 14 ᠶᠠᠮᠤᠨ ᠬᠤᠷᠢᠶ᠎ᠠ ᠬᠠᠮᠲᠤᠷᠠᠨ ︽ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2017-2020 ᠣᠨ︶︾ ᠶᠢ ᠨᠡᠶᠢᠲᠡᠯᠡᠵᠦ᠂ ᠠᠵᠢᠯᠯᠠᠭᠠᠨ ᠤ ᠲᠥᠯᠥᠪᠯᠡᠭᠡ ᠳᠤ ᠠᠵᠢᠯᠯᠠᠭᠰᠠᠳ ᠤᠨ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠢ ᠰᠠᠶᠢᠵᠢᠷᠠᠭᠤᠯᠬᠤ ᠠᠵᠢᠯ ᠤᠨ ᠡᠭᠦᠷᠭᠡ ᠶᠢ ᠳᠤᠷᠠᠳᠤᠨ ᠭᠠᠷᠭᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠪᠠᠷᠠᠭᠠᠨ ᠤ ᠲᠡᠭᠡᠭᠡᠪᠦᠷᠢ ᠶᠢᠨ ᠬᠦᠢᠰᠦ ︵ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶ ᠪᠤᠶᠤ ᠪᠤᠰᠤᠳ ᠵᠠᠰᠠᠮᠠᠯ ᠵᠠᠮ ᠳᠠᠭᠠᠤ ᠳᠤ ︽ᠵᠢᠯᠣᠭᠤᠴᠢ ᠶᠢᠨ ᠬᠡᠷ︾ ᠪᠠᠶᠢᠭᠤᠯᠬᠤ ᠪᠠᠷ ᠳᠠᠮᠵᠢᠭᠤᠯᠤᠨ᠂ ᠵᠠᠰᠠᠮᠠᠯ ᠵᠠᠮ ᠤᠨ ᠲᠡᠷᠭᠡ ᠶᠠᠪᠤᠬᠤ ᠵᠣᠭᠰᠤᠬᠤ ᠬᠤᠨᠣᠬᠤ ᠨᠥᠬᠦᠴᠡᠯ ᠢ ᠰᠠᠶᠢᠵᠢᠷᠠᠭᠤᠯᠤᠨ᠎ᠠ᠃ 2018 ᠣᠨ ᠤ 6 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠤᠨ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ︽︿ᠵᠢᠯᠣᠭᠤᠴᠢ ᠶᠢᠨ ᠬᠡᠷ﹀ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠨᠡᠶᠢᠲᠡᠯᠡᠵᠦ᠂ ᠾᠧᠪᠧᠢ᠂ ᠯᠢᠶᠣᠤᠨᠢᠩ ᠵᠡᠷᠭᠡ ᠠᠷᠪᠠᠨ ᠮᠤᠵᠢ ᠣᠷᠣᠨ ᠳᠤ ︽ᠵᠢᠯᠣᠭᠤᠴᠢ ᠶᠢᠨ ᠬᠡᠷ︾ ᠤᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠬᠦ ᠶᠢ ᠳᠤᠷᠠᠳᠤᠨ ᠭᠠᠷᠭᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢ 2019 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠨᠡᠩ ᠣᠶᠢᠷᠠᠲᠤᠭᠤᠯᠤᠨ ᠠᠬᠢᠭᠤᠯᠬᠤ ᠠᠵᠢᠯ ᠤᠨ ᠳᠤᠮᠳᠠ᠂ ︽ᠵᠢᠯᠣᠭᠤᠴᠢ ᠶᠢᠨ ᠬᠡᠷ︾ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠠᠢ ᠲᠥᠰᠦᠯ ᠪᠣᠯᠤᠨ ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠪᠦᠬᠦ ᠤᠯᠤᠰ ᠲᠤ 100 ︽ᠵᠢᠯᠣᠭᠤᠴᠢ ᠶᠢᠨ ᠬᠡᠷ︾ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠪᠠ᠃ 2019 ᠣᠨ ᠤ 4 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 13 ᠰᠠᠯᠠᠭ᠎ᠠ ᠮᠥᠴᠢᠷ ᠤᠨ ︽ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠠᠨᠠᠯ ᠤᠨ ᠲᠤᠬᠠᠶ ᠮᠡᠳᠡᠭᠳᠡᠯ︾ ᠢ ᠳᠠᠮᠵᠢᠭᠤᠯᠤᠨ ᠲᠠᠷᠬᠠᠭᠠᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ 2019 ᠣᠨ ᠤ 8 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠬᠠᠮᠲᠤᠷᠠᠨ ᠱᠠᠨᠳᠦ᠋ᠩ ᠤᠨ ᠲᠠᠢ ᠠᠨ ᠳᠤ ︽ᠵᠢᠯᠣᠭᠤᠴᠢ ᠶᠢᠨ ᠭᠡᠷ︾ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠲᠦᠷᠦᠭᠦᠦ ᠪᠦᠯᠦᠭ ᠤᠨ ᠰᠢᠯᠭᠠᠨ ᠠᠪᠬᠤ ᠳᠤ ᠬᠢᠷᠢ ᠲᠡᠩᠴᠡᠭᠰᠡᠨ 76 ︽ᠵᠢᠯᠣᠭᠤᠴᠢ ᠶᠢᠨ ᠭᠡᠷ︾ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠨᠡᠷᠡᠰ ᠢ ᠨᠡᠶᠢᠲᠡᠯᠡᠵᠦ᠂ ᠨᠡᠶᠢᠲᠡᠯᠢᠭ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠲᠠᠢ ᠡᠵᠡᠩᠨᠡᠯᠲᠡ ᠶᠢᠨ ᠦᠢᠯᠡᠴᠢᠯᠡᠭᠡᠨ ᠤ ᠵᠠᠭᠪᠤᠷ ᠢ ᠠᠩᠬ᠎ᠠ ᠠᠯᠬᠤᠮ ᠰᠦᠪᠡᠭᠴᠢᠯᠡᠨ ᠪᠦᠷᠢᠯᠳᠦᠭᠦᠯᠵᠦ᠂ ︽ᠵᠢᠯᠣᠭᠤᠴᠢ ᠶᠢᠨ ᠭᠡᠷ︾ ᠤᠨ ᠪᠦᠳᠦᠭᠡᠨ ᠪᠠᠶᠢᠭᠤᠯᠤᠯᠲᠠ ᠶᠢᠨ ᠠᠵᠢᠯ ᠰᠠᠶᠢᠨ ᠡᠬᠢᠯᠡᠯᠲᠡ ᠲᠠᠢ ᠪᠣᠯᠵᠠᠢ᠃ ᠣᠶᠢᠷ᠎ᠠ ᠶᠢᠨ ᠵᠢᠯ ᠤᠳ ᠲᠤ᠂ ᠤᠯᠤᠰ ᠠᠴᠠ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠨ᠎ᠠ᠂ ᠵᠢᠱᠢᠶᠡᠯᠡᠪᠡᠯ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ᠂ ᠵᠠᠭᠠᠯᠳᠤᠯᠭ᠎ᠠ ᠶᠢ ᠰᠢᠢᠳᠪᠦᠷᠢᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ᠂ ᠠᠵᠢᠯ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠬᠤ᠂ ᠪᠠᠷᠠᠭᠠᠨ ᠤ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠵᠢᠷᠤᠮᠵᠢᠭᠤᠯᠬᠤ᠂  ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠪᠣᠯᠤᠨ᠎ᠠ᠃ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠠᠵᠢᠯ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠭᠠᠷᠭᠠᠭᠰᠠᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠡᠨᠡ ᠨᠢ ᠲᠥᠪ ᠠᠴᠠ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠢ ᠴᠢᠬᠤᠯᠠᠴᠢᠯᠠᠵᠤ ᠪᠠᠶᠢᠬᠤ ᠶᠢ ᠭᠦᠨᠵᠡᠭᠡᠶ ᠬᠠᠷᠠᠭᠤᠯᠵᠤ ᠪᠠᠶᠢᠨ᠎ᠠ᠃ 2021-07-27 09:33:00      ᠬᠥᠲᠥᠯᠥᠭᠴᠢ᠄      ︽ᠵᠢᠯᠣᠭᠤᠴᠢ ᠶᠢᠨ ᠬᠡᠷ︾ ᠨᠢ ᠶᠠᠮᠠᠷ ᠶᠠᠮᠠᠷ ᠦᠢᠯᠡᠴᠢᠯᠡᠭᠡ ᠬᠠᠩᠭᠠᠵᠤ ᠴᠢᠳᠠᠬᠤ ᠪᠣᠶ︖ 2021-07-27 09:45:00      ᠬᠦᠯᠢᠶᠡᠭᠴᠢ᠄ ᠰᠦᠨ ᠰᠢᠶᠤᠤ ᠸᠧᠨ      2019 ᠣᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠲᠢᠩᠬᠢᠮ ᠬᠠᠮᠲᠤᠷᠠᠨ ︽︿ᠵᠢᠯᠣᠭᠤᠴᠢ ᠶᠢᠨ ᠭᠡᠷ﹀ ᠤᠨ ᠪᠦᠳᠦᠭᠡᠨ ᠪᠠᠶᠢᠭᠤᠯᠤᠯᠲᠠ ᠪᠠ ᠰᠢᠯᠭᠠᠨ ᠠᠪᠬᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠵᠢᠯᠣᠭᠤᠴᠢ ᠶᠢᠨ ᠭᠡᠷ︾ ᠤᠨ ᠪᠦᠳᠦᠭᠡᠨ ᠪᠠᠶᠢᠭᠤᠯᠤᠯᠲᠠ ᠶᠢᠨ ᠵᠦᠭᠯᠡᠭᠦᠷ ᠢ ᠨᠡᠶᠢᠲᠡᠯᠡᠵᠦ᠂ ᠪᠦᠳᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠳᠤᠷᠠᠳᠴᠠᠢ᠃ ︽ᠵᠢᠯᠣᠭᠤᠴᠢ ᠶᠢᠨ ᠭᠡᠷ︾ ᠤᠨ ᠪᠦᠲᠦᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠡᠷᠡᠭᠯᠡᠭᠡᠨ ᠤ ᠬᠡᠷᠡᠭᠴᠡᠭᠡ ᠪᠣᠯᠤᠨ ᠬᠡᠷᠡᠭᠯᠡᠭᠡᠨ ᠤ ᠳᠠᠳᠬᠠᠯ ᠢ ᠭᠦᠢᠴᠡᠳ ᠪᠣᠳᠣᠯᠬᠢᠯᠠᠵᠤ ᠂ ᠡᠯ᠎ᠡ ᠴᠢᠳᠠᠮᠵᠢᠲᠤ ᠣᠷᠣᠨ ᠤ ᠣᠷᠣᠨ ᠪᠠᠶᠢᠷᠢ ᠪᠠ ᠲᠠᠯᠠᠪᠠᠶ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠵᠤ᠂ ᠬᠤᠭᠤᠯᠠ ᠤᠮᠳᠠᠭᠠᠨ ᠠᠮᠠᠷᠠᠯᠲᠠ᠂ ᠲᠡᠷᠭᠡ ᠵᠣᠭᠰᠣᠬᠤ ᠠᠮᠤᠷ ᠲᠦᠪᠰᠢᠨ ᠤ ᠬᠠᠮᠠᠭᠠᠯᠠᠯᠲᠠ᠂ ᠤᠬᠠᠭᠤᠯᠭ᠎ᠠ ᠬᠥᠮᠦᠵᠢᠯ ᠵᠡᠷᠭᠡ ᠦᠨᠳᠦᠰᠦᠨ ᠴᠢᠳᠠᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠂ ᠡᠭᠦᠨ ᠠᠴᠠ ᠭᠠᠳᠠᠨ᠎ᠠ ᠪᠠᠰᠠ ᠬᠢᠮᠳᠠ᠂ ᠳᠥᠭᠦᠮ ᠳᠥᠲᠡ ᠰᠦᠷᠴᠢᠭᠦᠷ ᠤᠬᠢᠶᠠᠯᠭ᠎ᠠ᠂ ᠬᠤᠪᠴᠠᠰᠤ ᠤᠬᠢᠶᠠᠬᠤ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠬᠠᠩᠭᠠᠬᠤ ᠬᠡᠷᠡᠭᠲᠡᠶ᠂ ᠲᠥᠬᠦᠮ ᠳᠡᠯᠭᠡᠭᠦᠷ᠂ ᠲᠣᠰᠣ ᠨᠡᠮᠡᠬᠦ ᠥᠷᠲᠡᠭᠡ᠂ ᠮᠠᠰᠢᠨ ᠲᠡᠷᠭᠡ ᠰᠡᠯᠪᠢᠨ ᠵᠠᠰᠠᠬᠤ ᠢᠵᠢ ᠪᠥᠷᠢᠳᠦᠭᠦᠯᠬᠦ ᠦᠢᠯᠡᠴᠢᠯᠡᠭᠡ ᠳᠣᠭᠢᠷᠠᠭᠤᠯᠵᠤ᠂ ᠪᠢᠴᠢᠯ ᠳᠣᠯᠭᠢᠶᠠᠨ ᠤ ᠵᠤᠤᠬ᠎ᠠ᠂ ᠬᠠᠶᠢᠷ᠎ᠠ ᠬᠠᠯᠠᠮᠵᠢ ᠶᠢᠨ ᠡᠮ ᠤᠨ ᠬᠠᠶᠢᠷᠴᠠᠭ᠂ ᠭᠠᠷ ᠤᠲᠠᠰᠤ ᠳᠤ ᠴᠠᠬᠢᠯᠭᠠᠨ ᠴᠡᠨᠡᠭᠯᠡᠬᠦ᠂ ᠰᠦᠢᠳᠭᠡᠯ ᠬᠤᠷᠢᠶᠠᠬᠤ ᠥᠬᠡᠶ WiFi ᠵᠡᠷᠭᠡ ᠲᠥᠬᠦᠭᠡᠷᠦᠮᠵᠢ ᠶᠢ ᠳᠣᠭᠢᠷᠠᠭᠤᠯᠤᠨ᠎ᠠ᠂ ᠡᠭᠦᠨ ᠳᠤ ᠰᠦᠷᠴᠢᠭᠦᠷ ᠤᠬᠢᠶᠠᠯᠭ᠎ᠠ᠂ ᠬᠤᠪᠴᠠᠰᠤ ᠤᠬᠢᠶᠠᠬᠤ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ᠂ ᠲᠥᠬᠦᠮ ᠳᠡᠯᠭᠡᠭᠦᠷ᠂ ᠲᠣᠰᠣ ᠨᠡᠮᠡᠬᠦ ᠥᠷᠲᠡᠭᠡ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠦᠢᠯᠡᠴᠢᠯᠡᠭᠡᠨ ᠤ ᠴᠢᠳᠠᠮᠵᠢᠳᠤ ᠲᠠᠯᠠᠪᠤᠷ ᠨᠢ ᠪᠠᠷᠠᠭᠠᠨ ᠤ ᠲᠡᠷᠭᠡ ᠶᠢᠨ ᠵᠢᠯᠣᠭᠤᠴᠢ ᠪᠠ ᠲᠡᠷᠭᠡ ᠬᠥᠰᠬᠡ ᠳᠤ ᠪᠦᠬᠦᠯᠢ ᠡᠳᠦᠷ ᠤᠨ ᠦᠢᠯᠡᠴᠢᠯᠡᠭᠡ ᠬᠠᠩᠭᠠᠵᠤ᠂ ᠥᠷᠭᠡᠨ ᠣᠯᠠᠨ ᠵᠢᠯᠣᠭᠤᠴᠢ ᠶᠢᠨ ᠶᠠᠪᠤᠵᠤ ᠰᠠᠭᠤᠬᠤ ᠪᠠ ᠠᠮᠠᠷᠠᠬᠤ ᠬᠡᠷᠡᠭᠴᠡᠭᠡ ᠶᠢ ᠠᠯᠢ ᠴᠢᠳᠠᠬᠤ ᠪᠠᠷ ᠬᠠᠩᠭᠠᠬᠤ ᠬᠡᠷᠡᠭᠲᠡᠶ᠃ 2021-07-06 09:46:00      ᠬᠥᠲᠥᠯᠥᠭᠴᠢ᠄      ᠲᠠᠨ ᠤ ᠲᠠᠨᠢᠯᠴᠠᠭᠤᠯᠬᠤ ᠶᠢ ᠰᠣᠨᠣᠰᠤᠭᠠᠳ᠂ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ  ᠶᠢᠨ ᠠᠵᠢᠯ ᠨᠢ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠵᠦ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ᠂ ᠪᠥᠬᠦ ᠨᠡᠶᠢᠭᠡᠮ ᠤᠨ ᠡᠷᠡᠭᠦᠯ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠶᠢ ᠬᠠᠮᠠᠭᠠᠯᠠᠬᠤ ᠳᠤ ᠦᠨᠡᠬᠡᠷ ᠴᠢᠬᠤᠯᠠ ᠶᠡᠭᠡ ᠠᠴᠢ ᠬᠤᠯᠪᠣᠭᠳᠠᠯ ᠲᠠᠢ ᠭᠡᠵᠦ ᠪᠢᠳᠡ ᠦᠵᠡᠵᠦ ᠪᠠᠶᠢᠨ᠎ᠠ ᠂ ᠲᠡᠭᠡᠪᠡᠯ ᠥᠪᠥᠷ ᠮᠣᠩᠭᠤᠯ ᠨᠢ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠤᠭᠰᠠᠨ ᠪᠣᠶ︖ 2021-07-27 09:48:00      ᠬᠦᠯᠢᠶᠡᠭᠴᠢ᠄ ᠰᠦᠨ ᠰᠢᠶᠤᠤ  ᠸᠧᠨ      2018 ᠣᠨ ᠤ ︽ᠵᠢᠯᠣᠭᠤᠴᠢ ᠶᠢᠨ ᠭᠡᠷ︾ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ ᠠᠴᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠠᠵᠢᠯ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠬᠤ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠲᠣᠬᠢᠷᠠᠭᠤᠯᠤᠯᠲᠠ ᠶᠣᠰᠣᠭᠠᠷ᠂ ᠠᠷᠠᠳ ᠲᠤ ᠠᠰᠢᠭ ᠬᠦᠷᠲᠡᠭᠡᠬᠦ᠂ ᠬᠠᠶᠢᠷ᠎ᠠ ᠬᠠᠯᠠᠮᠵᠢ ᠶᠢ ᠳᠠᠮᠵᠢᠭᠤᠯᠬᠤ ︽ᠬᠠᠶᠢᠷ᠎ᠠ ᠬᠠᠯᠠᠮᠵᠢ ᠶᠢᠨ ᠥᠷᠲᠡᠭᠡ︾ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠢᠲᠡᠭᠡᠯᠲᠡᠶ᠂ ᠨᠠᠶᠢᠳᠠᠪᠤᠷᠢᠲᠠᠶ᠂ ᠰᠠᠯᠵᠤ ᠪᠣᠯᠤᠰᠢ ᠥᠬᠡᠶ ︽ᠰᠡᠳᠬᠢᠯ ᠢ ᠳᠤᠯᠠᠭᠠᠴᠠᠭᠤᠯᠬᠤ ᠬᠡᠷ︾ ᠬᠠᠩᠭᠠᠨ᠎ᠠ᠃ 2019 ᠣᠨ ᠳᠤ᠂ ᠪᠥᠬᠦ ᠣᠷᠣᠨ ᠳᠤ 4 ︽ᠵᠢᠯᠣᠭᠤᠴᠢ ᠶᠢᠨ ᠬᠡᠷ︾ ᠢ ᠪᠥᠲᠥᠭᠡᠨ ᠪᠠᠶᠢᠭᠤᠯᠵᠤ᠂ ᠡᠭᠦᠨ ᠳᠤ ᠬᠠᠷ᠎ᠠ ᠤᠰᠤ ᠦᠢᠯᠡᠴᠢᠯᠡᠭᠡᠨ ᠤ ᠲᠣᠭᠤᠷᠢᠭ ᠤᠨ ᠡᠮᠦᠨ᠎ᠡ ᠤᠮᠠᠷ᠎ᠠ ᠲᠣᠭᠤᠷᠢᠭ ᠲᠤ ᠲᠣᠰ ᠲᠣᠰ 1᠂ ᠬᠥᠬᠡᠬᠤᠲᠠ ᠶᠢᠨ ᠪᠠᠷᠠᠭᠤᠨ ᠦᠢᠯᠡᠴᠢᠯᠡᠭᠡᠨ ᠤ ᠲᠣᠭᠤᠷᠢᠭ ᠤᠨ ᠡᠮᠦᠨ᠎ᠡ ᠲᠣᠭᠤᠷᠢᠭ ᠲᠤ 1᠂ ᠪᠤᠭᠤᠲᠤ ᠶᠢᠨ ᠦᠢᠯᠡᠴᠢᠯᠡᠭᠡᠨ ᠤ ᠲᠣᠭᠤᠷᠢᠭ ᠤᠨ ᠬᠤᠶᠢᠨ᠎ᠠ ᠲᠣᠭᠤᠷᠢᠭ 1 ᠶᠢ ᠪᠠᠭᠲᠠᠨ᠎ᠠ᠃ 9 ᠳ᠋ᠦ᠋ᠭᠡᠷ ᠰᠠᠷ᠎ᠠ ᠶᠢᠨ 29 ᠤ ᠡᠳᠦᠷ᠂ ︽ᠵᠢᠯᠣᠭᠤᠴᠢ ᠶᠢᠨ ᠬᠡᠷ︾ ᠤᠨ ᠠᠵᠢᠯ ᠡᠬᠢᠯᠡᠬᠦ ᠶᠣᠰᠣᠯᠠᠯ  ᠨᠢ G6 ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠷ᠎ᠠ ᠤᠰᠤ ᠦᠢᠯᠡᠴᠢᠯᠡᠭᠡᠨ ᠤ ᠲᠣᠭᠤᠷᠢᠭ ᠲᠤ ᠶᠠᠪᠤᠭᠳᠠᠪᠠ᠂ ᠡᠨᠡ ᠨᠢ ᠮᠠᠨ ᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠷᠦᠭᠦᠤ ᠪᠦᠯᠦᠭ ᠤᠨ 4 ︽ᠵᠢᠯᠣᠭᠤᠴᠢ ᠶᠢᠨ ᠬᠡᠷ︾ ᠪᠦᠬᠦᠨ ᠢᠶᠠᠷ ᠢᠶᠠᠨ ᠪᠠᠶᠢᠭᠤᠯᠤᠭᠳᠠᠵᠤ ᠭᠠᠳᠠᠭᠰᠢ ᠨᠡᠭᠡᠭᠡᠯᠲᠡ ᠬᠢᠭᠰᠡᠨ ᠢ ᠬᠠᠷᠠᠭᠤᠯᠵᠤ ᠪᠠᠶᠢᠨ᠎ᠠ᠃ 2020 ᠣᠨ ᠳᠤ 3 ︽ᠵᠢᠯᠣᠭᠤᠴᠢ ᠶᠢᠨ ᠬᠡᠷ︾ ᠢ ᠪᠠᠶᠢᠭᠤᠯᠵᠤ᠂ ᠣᠲᠣ ᠨᠢᠭᠡᠨᠲᠡ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠯᠭᠠᠨ ᠠᠪᠬᠤ ᠳᠤ ᠬᠢᠷᠢ ᠲᠡᠩᠴᠡᠭᠰᠡᠨ ᠪᠥᠭᠡᠳ ᠠᠰᠢᠭᠯᠠᠯᠲᠠ ᠳᠤ ᠣᠷᠤᠭᠤᠯᠵᠤ ᠬᠡᠷᠡᠭᠯᠡᠪᠡ᠂ ᠲᠣᠰ ᠲᠣᠰ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠯᠵᠡᠶ ᠦᠢᠯᠡᠴᠢᠯᠡᠭᠡᠨ ᠤ ᠲᠣᠭᠤᠷᠢᠭ ᠤᠨ ︽ᠵᠢᠯᠣᠭᠤᠴᠢ ᠶᠢᠨ ᠬᠡᠷ︾᠂ G45 ᠳ᠋ᠠᠴᠢᠩ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠩᠯᠢᠶᠣᠣ ᠠᠴᠠ ᠤᠯᠠᠭᠠᠨᠬᠠᠳᠠ ᠬᠦᠷᠬᠦ ᠬᠡᠰᠡᠭ ᠤᠨ ᠨᠠᠢᠮᠠᠨ ᠦᠢᠯᠡᠴᠢᠯᠡᠭᠡᠨ ᠤ ᠲᠣᠭᠤᠷᠢᠭ ᠤᠨ ︽ᠵᠢᠯᠣᠭᠤᠴᠢ ᠶᠢᠨ ᠬᠡᠷ︾᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠪᠠᠷᠠᠭᠤᠨ ᠬᠤᠶᠠᠳᠤᠭᠠᠷ ᠲᠣᠭᠤᠷᠢᠯ ᠵᠠᠮ ᠤᠨ ᠬᠤᠩ ᠶᠠᠨ ᠥᠷᠲᠡᠭᠡ ᠶᠢᠨ ︽ᠵᠢᠯᠣᠭᠤᠴᠢ ᠶᠢᠨ ᠬᠡᠷ︾ ᠪᠣᠯᠤᠨ᠎ᠠ᠃ ᠡᠨᠡ ᠵᠢᠯ᠂ ᠪᠢᠳᠡ 7 ︽ᠵᠢᠯᠣᠭᠤᠴᠢ ᠶᠢᠨ ᠬᠡᠷ︾ ᠪᠠᠶᠢᠭᠤᠯᠬᠤ ᠪᠠᠷ ᠲᠥᠯᠥᠪᠯᠡᠵᠦ ᠪᠣᠶ᠃ ᠵᠢᠯ ᠪᠦᠷᠢ 2 — 3 ︽ᠵᠢᠯᠣᠭᠤᠴᠢ ᠶᠢᠨ ᠬᠡᠷ︾ ᠢ ᠪᠠᠶᠢᠭᠤᠯᠬᠤ ᠠᠵᠢᠯ ᠤᠨ ᠬᠠᠷᠠᠯᠲᠠ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠠᠴᠠ 15 ᠠᠴᠠ ᠳᠡᠭᠡᠭᠰᠢ ︽ᠵᠢᠯᠣᠭᠤᠴᠢ ᠶᠢᠨ ᠬᠡᠷ︾ ᠢ ᠪᠠᠶᠢᠭᠤᠯᠬᠤ ᠪᠣᠯᠤᠨ᠎ᠠ᠃ ︽ᠵᠢᠯᠣᠭᠤᠴᠢ ᠶᠢᠨ ᠭᠡᠷ ︾ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠥᠮᠦᠨ ᠨᠢᠭᠡᠪᠦᠷᠢ ᠬᠦᠴᠦ ᠬᠥᠳᠡᠯᠮᠦᠷᠢ ᠪᠠᠨ ᠰᠢᠪᠬᠠᠨ᠂ ᠣᠷᠣᠨ ᠪᠠᠶᠢᠷᠢ ᠪᠠᠨ ᠰᠣᠯᠢᠵᠤ ᠰᠡᠳᠬᠢᠨ ᠪᠣᠳᠣᠯᠬᠢᠯᠠᠵᠤ᠂ ᠥᠷᠭᠡᠨ ᠤᠯᠠᠨ ᠪᠠᠷᠠᠭᠠᠨ ᠤ   ᠲᠡᠷᠭᠡ ᠶᠢᠨ ᠵᠢᠯᠣᠭᠤᠴᠢ ᠶᠢᠨ ᠵᠣᠭᠰᠣᠴᠠ ᠠᠴᠠ᠂ ᠴᠠᠭ ᠤᠨ ᠬᠤᠭᠤᠯᠠ ᠨᠢᠭᠡᠪᠦᠷᠢ᠂ ᠠᠮᠠᠷᠠᠯᠲᠠ ᠶᠢᠨ ᠭᠠᠵᠠᠷ ᠨᠢᠭᠡᠪᠦᠷᠢ᠂ ᠰᠦᠷᠴᠢᠭᠦᠷ ᠤᠬᠢᠶᠠᠯᠭ᠎ᠠ ᠶᠢᠨ ᠲᠠᠰᠤᠯᠭ᠎ᠠ ᠨᠢᠭᠡᠪᠦᠷᠢ᠂ ᠬᠤᠪᠴᠠᠰᠤ ᠤᠬᠢᠶᠠᠬᠤ ᠮᠠᠰᠢᠨ ᠨᠢᠭᠡᠪᠦᠷᠢ ᠵᠡᠷᠭᠡ ᠦᠢᠯᠡᠴᠢᠯᠡᠭᠡᠨ ᠤ ᠨᠠᠷᠢᠨ ᠵᠦᠢᠯᠡᠰ ᠲᠤ ᠬᠦᠴᠦ ᠲᠠᠯᠪᠢᠵᠤ᠂ ᠦᠨᠡᠨ ᠰᠡᠳᠬᠢᠯ ᠠᠴᠠ ᠪᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠦᠢᠯᠡᠴᠢᠯᠡᠵᠦ᠂ ᠥᠷᠭᠡᠨ ᠤᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠠᠭ᠎ᠠ ᠪᠠᠭ᠎ᠠ ᠪᠠᠷ ᠦᠢᠯᠡᠴᠢᠯᠡᠬᠦ ᠳᠤᠮᠳᠠ ᠠᠴᠠ ᠪᠦᠬᠦ ᠨᠡᠶᠢᠭᠡᠮ ᠤᠨ ᠬᠥᠳᠡᠯᠮᠦᠷᠢᠴᠢᠳ ᠢ ᠬᠠᠯᠠᠮᠵᠢᠯᠠᠨ ᠬᠦᠨᠳᠦᠳᠬᠡᠵᠦ ᠪᠠᠶᠢᠬᠤ ᠶᠢ ᠮᠡᠳᠡᠷᠡᠭᠦᠯᠦᠨ᠎ᠡ᠃ 2021-07-27 09:49:00      ᠬᠥᠲᠥᠯᠥᠭᠴᠢ᠄      ᠣᠶᠢᠯᠠᠭᠠᠭᠰᠠᠨ ᠢᠶᠠᠷ᠂ ᠥᠪᠥᠷ ᠮᠣᠩᠭᠤᠯ ᠠᠴᠠ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠵᠦ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ ᠪᠠᠶᠢᠨ᠎ᠠ᠂ ᠲᠠ ᠲᠠᠨᠢᠯᠴᠠᠭᠤᠯᠤᠭᠠᠳ ᠥᠭᠭᠦᠨ᠎ᠡ  ᠤᠤ︖ 2021-07-27 09:55:00      ᠬᠦᠯᠢᠶᠡᠭᠴᠢ᠄ ᠰᠦᠨ ᠰᠢᠶᠤᠤ ᠸᠧᠨ      ︽ᠵᠢᠯᠣᠭᠤᠴᠢ ᠶᠢᠨ ᠬᠡᠷ︾ ᠢ ᠦᠷᠭᠦᠯᠵᠢᠯᠡᠨ ᠡᠵᠡᠩᠨᠡᠬᠦ ᠶᠢ ᠪᠠᠲᠤᠯᠠᠬᠤ ᠶᠢᠨ ᠲᠥᠯᠥᠭᠡ᠂ 2020 ᠣᠨ ᠤ 10 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠵᠢᠯᠣᠭᠤᠴᠢ ᠶᠢᠨ ᠬᠡᠷ﹀ ᠢ ᠪᠥᠲᠥᠭᠡᠨ ᠪᠠᠶᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ᠂ ᠲᠥᠰᠦᠯ ᠳᠤ᠂ ᠤᠯᠤᠰ ᠤᠨ ᠰᠢᠯᠭᠠᠨ ᠠᠪᠬᠤ ᠳᠤ ᠬᠢᠷᠢ ᠲᠡᠩᠴᠡᠭᠰᠡᠨ ︽ᠵᠢᠯᠣᠭᠤᠴᠢ ᠶᠢᠨ ᠬᠡᠷ︾ ᠲᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠲᠣᠰ ᠲᠣᠰ 30 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠪᠠᠯᠠ ᠮᠥᠩᠭᠦ ᠶᠢᠨ ᠨᠥᠬᠦᠪᠥᠷᠢ ᠣᠯᠭᠤᠨ᠎ᠠ ᠭᠡᠵᠦ ᠲᠣᠳᠣᠷᠬᠠᠶ ᠲᠣᠭᠲᠠᠭᠠᠵᠠᠶ᠃ ᠮᠠᠨ ᠤ ᠣᠷᠣᠨ ᠪᠣᠯ ᠪᠥᠬᠦ ᠤᠯᠤᠰ ᠤᠨ ᠬᠡᠪᠴᠢᠶᠡᠨ ᠳᠠᠬᠢ ᠳᠡᠮᠵᠢᠬᠦ ᠲᠥᠷᠥ ᠶᠢᠨ ᠪᠣᠳᠣᠯᠭ᠎ᠠ ᠪᠠ ᠲᠤᠰᠠᠯᠠᠮᠵᠢ ᠶᠢᠨ ᠵᠠᠷᠤᠳᠠᠯ ᠢ ᠨᠠᠶᠢᠳᠠᠪᠤᠷᠢᠵᠢᠭᠤᠯᠤᠭᠰᠠᠨ ᠴᠥᠭᠡᠨ ᠲᠣᠭᠠᠨ ᠤ ᠮᠤᠵᠢ ᠶᠢᠨ ᠨᠢᠭᠡ ᠪᠣᠯᠤᠨ᠎ᠠ᠃ ᠲᠥᠷᠥ ᠶᠢᠨ ᠪᠣᠳᠣᠯᠭ᠎ᠠ  ᠶᠢᠨ ᠳᠡᠮᠵᠢᠯᠭᠡ ᠪᠠᠷ ᠳᠠᠮᠵᠢᠭᠤᠯᠤᠨ᠂ ᠥᠷᠭᠡᠨ ᠣᠯᠠᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠢᠳᠡᠪᠬᠢᠵᠢᠯ ᠢ ᠳᠠᠶᠢᠴᠢᠯᠠᠵᠤ᠂ ︽ᠵᠢᠯᠣᠭᠤᠴᠢ ᠶᠢᠨ ᠬᠡᠷ︾ ᠢ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ︽ᠢᠲᠡᠭᠡᠮᠵᠢᠲᠡᠶ᠂ ᠨᠠᠶᠢᠳᠠᠪᠤᠷᠢᠲᠠᠶ︾ ︽ᠰᠡᠳᠬᠢᠯ ᠢ ᠳᠤᠯᠠᠭᠠᠴᠠᠭᠤᠯᠬᠤ ᠬᠡᠷ︾ ᠪᠣᠯᠭᠠᠨ ᠪᠥᠲᠥᠭᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠮ ᠬᠠᠷᠢᠯᠴᠠᠭ᠎ᠠ ᠶᠢ ᠪᠥᠲᠥᠭᠡᠨ ᠪᠠᠶᠢᠭᠤᠯᠬᠤ ︽ᠦᠢᠯᠡᠴᠢᠯᠡᠭᠡᠨ ᠤ ᠴᠣᠩᠬᠤ︾ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ 2021-07-27 09:56:00      ᠬᠥᠲᠥᠯᠥᠭᠴᠢ᠄      ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠨᠡᠶᠢᠭᠡᠮ ᠤᠨ ᠬᠢᠨ ᠤ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠶᠢᠨ ᠬᠠᠮᠲᠤ ᠂ ᠪᠠᠰᠠ ︽ᠵᠢᠯᠣᠭᠤᠴᠢ ᠶᠢᠨ ᠬᠡᠷ︾ ᠤᠨ ᠦᠷᠭᠦᠯᠵᠢᠯᠡᠨ ᠬᠡᠪ ᠤᠨ ᠡᠵᠡᠩᠨᠡᠯᠲᠡ ᠶᠢ ᠪᠠᠲᠤᠯᠠᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠦᠲᠦᠮᠵᠢᠲᠡᠶ ᠦᠷᠭᠦᠯᠵᠢᠯᠡᠭᠰᠡᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠢᠲᠡᠭᠡᠵᠦ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠥᠪᠥᠷ ᠮᠣᠩᠭᠤᠯ ᠨᠢ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠠᠯ᠎ᠠ ᠪᠠᠷ ᠶᠠᠮᠠᠷ ᠲᠣᠬᠢᠷᠠᠭᠤᠯᠤᠯᠲᠠ ᠲᠠᠢ ᠪᠣᠶ︖ 2021-07-27 09:58:00      ᠬᠦᠯᠢᠶᠡᠭᠴᠢ᠄ ᠰᠦᠨ ᠰᠢᠶᠤᠤ ᠸᠧᠨ      ᠳᠠᠷᠠᠭᠠᠴᠢ ᠶᠢᠨ ᠠᠯᠬᠤᠮ ᠳᠤ᠂ ᠪᠢᠳᠡ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ︵ᠥᠷᠲᠡᠭᠡ︶᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠣᠰᠣ ᠨᠡᠮᠡᠬᠦ ᠥᠷᠲᠡᠭᠡ ᠵᠡᠷᠭᠡ ᠭᠠᠵᠠᠷ ᠢ ᠤᠷᠢᠳᠠᠪᠠᠷ ᠰᠣᠩᠭᠤᠨ ᠪᠥᠲᠥᠭᠡᠨ ᠪᠠᠶᠢᠭᠤᠯᠬᠤ ᠶᠢᠨ ᠬᠠᠮᠲᠤ᠂ ᠮᠠᠨ ᠤ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠮᠠᠨᠵᠤᠤᠷ᠂ ᠡᠷᠢᠶᠡᠨ ᠬᠤᠲᠠ ᠵᠡᠷᠭᠡ ᠭᠤᠤᠯᠳᠠᠯᠭ᠎ᠠ ᠲᠠᠢ ᠪᠣᠭᠤᠮᠲᠠ ᠶᠢᠨ ᠭᠠᠵᠠᠷ ᠣᠷᠣᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ︽ᠵᠢᠯᠣᠭᠤᠴᠢ ᠶᠢᠨ ᠬᠡᠷ︾ ᠪᠠᠶᠢᠭᠤᠯᠬᠤ ᠶᠢ ᠪᠣᠳᠣᠯᠬᠢᠯᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠲᠡᠷᠭᠡ ᠵᠣᠭᠰᠣᠭᠠᠵᠤ ᠠᠮᠠᠷᠠᠬᠤ ᠨᠥᠬᠦᠴᠡᠯ ᠢ ᠰᠠᠶᠢᠵᠢᠷᠠᠭᠤᠯᠤᠨ᠎ᠠ᠃ ᠡᠭᠦᠨ ᠤ ᠬᠠᠮᠲᠤ᠂ ᠡᠮᠦᠨᠡᠲᠦ ᠣᠷᠣᠨ ᠤ ᠲᠡᠷᠢᠭᠦᠨ ᠤ ᠮᠤᠵᠢ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ ᠦᠨᠳᠦᠰᠦᠨ ᠦᠢᠯᠡᠴᠢᠯᠡᠭᠡᠨ ᠤ ᠴᠢᠳᠠᠮᠵᠢ ᠪᠠ ᠲᠤᠰᠠᠯᠠᠬᠤ ᠴᠢᠳᠠᠮᠵᠢ ᠶᠢ ᠬᠠᠩᠭᠠᠭᠰᠠᠨ ᠰᠠᠭᠤᠷᠢᠨ ᠳᠡᠭᠡᠷ᠎ᠡ᠂ ᠮᠠᠨ ᠤ ᠣᠷᠣᠨ ᠤ ᠤᠯᠠᠷᠢᠯ ᠤᠨ ᠴᠢᠨᠠᠷᠲᠠᠶ ᠵᠢᠭᠤᠯᠴᠢᠯᠠᠯ ᠤᠨ ᠣᠨᠴᠠᠯᠢᠭ ᠪᠠ ᠣᠷᠣᠨ ᠪᠦᠰᠡ ᠶᠢᠨ ᠣᠨᠴᠠᠯᠢᠭ ᠢ ᠦᠨᠳᠦᠰᠦᠯᠡᠨ᠂ ᠦᠨᠳᠦᠰᠦᠲᠡᠨ ᠤ ᠤᠨᠴᠠᠯᠢᠭᠳᠤ ᠠᠵᠤ ᠦᠢᠯᠡᠰ᠂ ᠵᠢᠭᠤᠯᠴᠢᠯᠠᠯ ᠤᠨ ᠠᠵᠤ ᠦᠢᠯᠡᠰ᠂ ᠲᠤᠬᠠᠶ ᠶᠢᠨ ᠭᠠᠵᠠᠷ ᠤᠨ ᠣᠨᠴᠠ ᠭᠠᠷᠤᠯᠲᠠ ᠵᠡᠷᠭᠡ ᠶᠢ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠯᠦᠭᠡ ᠭᠦᠨᠵᠡᠭᠡᠶ ᠠᠭᠤᠰᠤᠯᠴᠠᠭᠤᠯᠵᠤ᠂ ᠥᠪᠥᠷ ᠮᠣᠩᠭᠤᠯ ᠤᠨ ᠣᠨᠴᠠᠯᠢᠭ ᠲᠠᠢ ︽ᠵᠢᠯᠣᠭᠤᠴᠢ ᠶᠢᠨ ᠬᠡᠷ︾ ᠢ ᠴᠣᠭᠴᠠᠯᠠᠨ ᠪᠠᠶᠢᠭᠤᠯᠵᠤ ᠡᠵᠡᠩᠨᠡᠵᠦ ᠪᠣᠯᠤᠨ᠎ᠠ᠃ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠪᠣᠯ ᠠᠷᠠᠳ ᠣᠯᠠᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠮᠥᠨ᠂ ᠡᠨᠡ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠤᠨ ᠠᠵᠢᠯᠯᠠᠵᠤ ᠠᠮᠠᠷᠠᠬᠤ ᠨᠥᠬᠦᠴᠡᠯ ᠢ ᠰᠠᠶᠢᠵᠢᠷᠠᠭᠤᠯᠬᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠤᠨ ᠬᠦᠷᠲᠡᠭᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠴᠢᠩ ᠰᠡᠳᠬᠢᠯ ᠤᠨ ᠬᠦᠰᠡᠯ ᠡᠷᠡᠮᠡᠯᠵᠡᠯ ᠢ ᠠᠴᠢᠶᠠᠯᠠᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠵᠢᠴᠢ ᠲᠡᠳᠡᠨ ᠤ ᠬᠡᠷ ᠪᠦᠯᠢ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠴᠥᠬᠦᠷᠡᠰᠢ ᠥᠬᠡᠶ ᠬᠥᠭᠡᠭᠡᠴᠡᠯᠳᠦᠯ ᠢ ᠠᠴᠢᠶᠠᠯᠠᠵᠤ ᠪᠠᠶᠢᠭ᠎ᠠ ᠶᠤᠮ᠃ ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ ᠪᠢᠳᠡᠨ ᠤ ᠲᠡᠮᠡᠴᠡᠯ ᠤᠨ ᠬᠠᠷᠠᠯᠲᠠ ᠮᠥᠨ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠲᠡᠭᠦᠰᠬᠡᠯ ᠤᠨ ᠴᠡᠭ ᠭᠡᠵᠦ ᠪᠠᠶᠢᠬᠤ ᠦᠭᠡᠢ᠂ ᠵᠥᠪᠬᠡᠨ ᠲᠠᠰᠤᠷᠠᠯᠳᠡ ᠦᠭᠡᠢ ᠦᠷᠭᠦᠯᠵᠢᠯᠡᠭᠰᠡᠨ ᠰᠢᠨ᠎ᠡ ᠡᠬᠢᠯᠡᠯᠲᠡ ᠲᠠᠢ ᠶᠤᠮ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠥ᠂ ︽ᠵᠢᠯᠣᠭᠤᠴᠢ ᠶᠢᠨ ᠬᠡᠷ︾ ᠤᠨ ᠪᠦᠳᠦᠭᠡᠨ ᠪᠠᠶᠢᠭᠤᠯᠤᠯᠲᠠ ᠶᠢ ᠠᠷᠠᠳ ᠲᠦᠮᠡᠨ ᠳᠤ ᠦᠢᠯᠡᠴᠢᠯᠡᠬᠦ ᠤᠬ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠬᠦ ᠴᠢᠬᠤᠯᠠ ᠠᠴᠢᠶᠠᠯᠠᠪᠤᠷᠢ ᠪᠣᠯᠭᠠᠵᠤ᠂ ᠴᠡᠭ ᠠᠴᠠ ᠪᠦᠬᠦ ᠲᠠᠯ᠎ᠠ ᠳᠤ ᠬᠦᠷᠲᠡᠯ᠎ᠡ᠂ ᠳᠠᠷᠠᠭ᠎ᠠ ᠤᠳᠠᠭ᠎ᠠ ᠳᠤ ᠳᠡᠯᠭᠡᠷᠡᠭᠦᠯᠵᠦ᠂ ᠡᠮᠬᠢ ᠵᠢᠷᠤᠮ ᠲᠠᠢ ᠠᠬᠢᠭᠤᠯᠵᠤ᠂ ᠥᠷᠭᠡᠨ ᠤᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ  ᠲᠤᠰᠢᠶᠠᠨ᠎ᠠ᠃ 2021-07-27 09:59:00      ᠬᠥᠲᠥᠯᠥᠭᠴᠢ᠄      ᠰᠦᠨ ᠲᠣᠭᠤᠷᠢᠨ ᠪᠠᠶᠢᠴᠠᠭᠠᠭᠴᠢ ᠡ᠂ ᠵᠠᠷᠢᠮ ᠰᠦᠯᠵᠢᠶᠡᠨ ᠤ ᠠᠨᠳᠠ ᠠᠰᠠᠭᠤᠭᠰᠠᠨ ᠨᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ︽ᠵᠢᠯᠣᠭᠤᠴᠢ ᠶᠢᠨ ᠬᠡᠷ︾ ᠤᠨ ᠪᠠᠯᠠ ᠮᠥᠩᠭᠦ ᠶᠢᠨ ᠨᠥᠬᠦᠪᠥᠷᠢ ᠶᠢ ᠬᠡᠷᠬᠢᠨ ᠭᠤᠶᠤᠴᠢᠯᠠᠬᠤ ᠪᠣᠶ︖ 2021-07-27 10:05:00      ᠬᠦᠯᠢᠶᠡᠭᠴᠢ᠄ ᠰᠦᠨ ᠰᠢᠶᠤᠤ ᠸᠧᠨ      ᠪᠡᠯᠡ ᠮᠥᠩᠭᠦ ᠶᠢ ᠪᠦᠲᠦᠮᠵᠢᠲᠡᠶ ᠠᠰᠢᠭᠯᠠᠬᠤ ᠶᠢ ᠪᠠᠲᠤᠯᠠᠬᠤ ᠶᠢᠨ ᠲᠤᠰᠠᠳᠠ᠂ ᠪᠡᠯᠡ ᠮᠥᠩᠭᠦ ᠶᠢᠨ ᠲᠤᠰᠠᠯᠠᠮᠵᠢ ᠶᠢ ᠭᠤᠶᠤᠴᠢᠯᠠᠬᠤ ︽ᠵᠢᠯᠣᠭᠤᠴᠢ ᠶᠢᠨ ᠭᠡᠷ︾ ᠨᠢ ᠡᠷᠬᠡᠪᠰᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭᠠᠬᠢ ︽ᠵᠢᠯᠣᠭᠤᠴᠢ ᠶᠢᠨ ᠭᠡᠷ︾ ᠪᠠᠶᠢᠬᠤ ᠬᠡᠷᠡᠭᠲᠡᠶ᠂ ᠪᠥᠳᠥᠭᠡᠨ ᠪᠠᠶᠢᠭᠤᠯᠬᠤ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠵᠢᠯᠴᠢᠨ ᠤ ᠶᠡᠷᠦᠩᠬᠡᠶ ᠡᠪᠯᠡᠯ ᠳᠤ ᠲᠤᠰ ᠲᠤᠰ ᠪᠡᠯᠡ ᠮᠥᠩᠭᠦ ᠭᠤᠶᠤᠴᠢᠯᠠᠬᠤ ᠪᠠᠨ ᠳᠤᠷᠠᠳᠴᠤ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠦᠢᠯᠡᠴᠢᠯᠡᠭᠡᠨ ᠤ ᠥᠷᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠭᠤᠶᠤᠴᠢᠯᠠᠬᠤ ᠲᠡᠰ ᠳᠠᠷᠠᠭᠠᠯᠠᠯ ᠢᠶᠠᠷ ᠯᠠᠪᠯᠠᠯᠲᠠ ᠪᠣᠯᠭᠠᠵᠤ ᠲᠠᠷᠠᠭ᠎ᠠ ᠨᠢᠭᠡ ᠵᠢᠯ ᠤᠨ ᠨᠥᠬᠦᠪᠥᠷᠢ ᠲᠥᠯᠥᠪᠯᠡᠭᠡ ᠳᠤ ᠣᠷᠤᠭᠤᠯᠤᠨ᠎ᠠ᠃ 2021-07-27 10:06:00      ᠬᠥᠲᠥᠯᠥᠭᠴᠢ᠄      ᠰᠦᠨ ᠲᠣᠭᠤᠷᠢᠨ ᠪᠠᠶᠢᠴᠠᠭᠠᠭᠴᠢ ᠡ᠂ ᠰᠦᠯᠵᠢᠶᠡᠨ ᠤ ᠠᠨᠳᠠ ᠪᠠᠰᠠ ᠠᠰᠠᠭᠤᠭᠰᠠᠨ ᠨᠢ᠄ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢ ᠬᠡᠷᠬᠢᠨ ᠭᠤᠶᠤᠴᠢᠯᠠᠬᠤ ᠪᠣᠶ︖ 2021-07-27 10:08:00      ᠬᠦᠯᠢᠶᠡᠭᠴᠢ᠄ ᠰᠦᠨ ᠰᠢᠶᠤᠤ ᠸᠧᠨ      ᠪᠥᠲᠥᠭᠡᠨ ᠪᠠᠶᠢᠭᠤᠯᠬᠤ ᠰᠠᠨᠠᠮᠵᠢ ᠲᠠᠢ ᠨᠢᠭᠡᠴᠢ ᠨᠢ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ᠠᠯᠪᠠᠨ ᠲᠢᠩᠬᠢᠮ ᠤᠨ ︿ᠵᠢᠯᠣᠭᠤᠴᠢ ᠶᠢᠨ ᠬᠡᠷ﹀ ᠤᠨ ᠪᠥᠲᠥᠭᠡᠨ ᠪᠠᠶᠢᠭᠤᠯᠤᠯᠲᠠ ᠪᠠ ᠰᠢᠯᠭᠠᠨ ᠠᠪᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ ᠵᠠᠮ ᠠᠯᠪᠠᠨ ᠲᠡᠭᠡᠭᠡᠪᠦᠷᠢ ᠶᠢᠨ ᠵᠠᠬᠢᠳᠠᠯ ﹇2019﹈ 552 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠵᠢᠯᠣᠭᠤᠴᠢ ᠶᠢᠨ ᠬᠡᠷ﹀ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ︵ᠥᠪᠥᠷ ᠵᠠᠮ ᠲᠠᠷᠬᠠᠭᠠᠭᠰᠠᠨ ﹇2020﹈ 701 ᠳ᠋ᠦ᠋ᠭᠡᠷ ᠲᠣᠭᠠᠲᠤ ︶ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ︽ᠵᠢᠯᠣᠭᠤᠴᠢ ᠶᠢᠨ ᠬᠡᠷ︾ ᠤᠨ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ ᠶᠣᠰᠣᠭᠠᠷ ᠪᠥᠲᠥᠭᠡᠨ ᠪᠠᠶᠢᠭᠤᠯᠬᠤ ᠠᠵᠢᠯ ᠢᠶᠠᠨ ᠥᠷᠨᠢᠭᠦᠯᠵᠦ ᠪᠣᠯᠤᠨ᠎ᠠ᠃ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠴᠠᠭ ᠲᠤᠬᠠᠶ ᠳᠤ ᠨᠢ ᠨᠡᠪᠲᠡᠷᠡᠯᠴᠡᠵᠦ ᠪᠣᠯᠤᠨ᠎ᠠ᠂ ᠬᠠᠷᠢᠯᠴᠠᠬᠤ ᠤᠲᠠᠰᠤ 0471-6284550᠃ 2021-07-27 10:09:00      ᠬᠥᠲᠥᠯᠥᠭᠴᠢ᠄      ᠵᠠ᠂ ᠰᠦᠨ ᠲᠣᠭᠤᠷᠢᠨ ᠪᠠᠶᠢᠴᠠᠭᠠᠭᠴᠢ ᠶᠢᠨ ᠨᠠᠷᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠣᠯᠠᠨ ᠤ ᠠᠩᠬᠠᠷᠤᠯ ᠳᠤ ᠲᠠᠯᠠᠷᠬᠠᠵᠤ ᠪᠠᠶᠢᠨ᠎ᠠ︕ 2021-07-27 10:10:00      ᠬᠥᠲᠥᠯᠥᠭᠴᠢ᠄      ᠤᠯᠠᠨ ᠳᠤ ᠪᠠᠶᠠᠷᠯᠠᠯ᠎ᠠ︕ 2021-07-27 10:11:00  
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号