ᠰᠢᠯᠢ ᠶᠢᠨ ᠭᠤᠤᠯ ᠠᠶᠢᠮᠠᠭ ᠤᠨ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 877 ᠺᠢᠯᠣᠮᠧᠲᠷ
ᠨᠡᠶᠢᠲᠡᠯᠡᠭᠰᠡᠨ ᠴᠠᠭ᠄
2021/8/17
     ᠡᠨᠡ ᠵᠢᠯ᠂ ᠰᠢᠯᠢ ᠶᠢᠨ ᠭᠤᠤᠯ ᠠᠶᠢᠮᠠᠭ ᠭᠤᠤᠯᠳᠠᠯᠭ᠎ᠠ ᠲᠠᠢ ᠵᠠᠰᠠᠮᠠᠯ ᠵᠠᠮ ᠤᠨ 10 ᠲᠥᠷᠥᠯ ᠵᠦᠶᠯ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 877 ᠺᠢᠯᠣᠮᠧᠲᠷ ᠪᠤᠯᠤᠨ᠎ᠠ᠃        ᠵᠠᠮ ᠬᠠᠷᠢᠯᠴᠠᠭᠠᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠭᠡᠨ ᠦᠷ᠎ᠡ ᠪᠦᠲᠦᠮᠵᠢ ᠭᠠᠷᠭᠠᠬᠤ ᠶᠢᠨ ᠲᠦᠯᠦᠭᠡ᠂ ᠰᠢᠯᠢ ᠶᠢᠨ ᠭᠤᠣᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢᠨ ᠠᠬᠢᠴᠠ ᠶᠢ ᠲᠦᠷᠭᠡᠳᠬᠡᠪᠡ᠃ ︽ᠨᠢᠭᠡᠳᠦᠭᠡᠷ ᠭᠠᠷ︾ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠶ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠠᠬᠢᠴᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠪᠠᠶᠢᠳᠠᠯ ᠢ ᠴᠠᠭ ᠲᠤᠬᠠᠶ  ᠳᠤ ᠨᠢ ᠡᠵᠡᠮᠰᠢᠵᠦ ᠰᠤᠳᠤᠯᠤᠨ ᠮᠠᠭᠠᠳᠯᠠᠵᠤ᠂ ᠲᠤᠰᠬᠠᠶ ᠰᠡᠳᠦᠪᠲᠦ ᠪᠠᠷ ᠰᠤᠳᠤᠯᠵᠤ᠂ ᠲᠥᠷᠥᠯ ᠬᠤᠪᠢᠶᠠᠨ ᠵᠣᠬᠢᠴᠠᠭᠤᠯᠵᠤ᠂ ᠳᠡᠰ ᠳᠠᠪᠬᠤᠷᠭ᠎ᠠ ᠬᠤᠪᠢᠶᠠᠨ ᠲᠥᠷᠥᠯ ᠵᠦᠢᠯ ᠢ ᠲᠦᠯᠬᠢᠨ ᠠᠬᠢᠭᠤᠯᠬᠤ ᠶᠠᠪᠤᠴᠠ ᠳᠠᠬᠢ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠪᠡ᠃ ᠡᠯ᠎ᠡ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ ᠢ ᠪᠠᠷᠢᠯᠭ᠎ᠠ ᠶᠢᠨ ᠬᠤᠭᠤᠴᠠᠭ᠎ᠠ ᠶᠢ ᠭᠡᠳᠡᠷᠭᠦ ᠵᠢᠭᠰᠠᠭᠠᠵᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠨᠠᠷᠢᠯᠢᠬᠵᠢᠭᠤᠯᠤᠨ᠂ ᠲᠥᠷᠥᠯ ᠵᠦᠶᠯ ᠳᠠᠷᠠᠭᠠᠯᠠᠨ ᠭᠠᠷᠠᠭ  ᠤᠨ ᠠᠬᠢᠴᠠ᠂ ᠠᠷᠪᠠᠨ ᠡᠳᠦᠷ ᠤᠨ ᠠᠬᠢᠴᠠ᠂ ᠰᠠᠷ᠎ᠠ ᠶᠢᠨ ᠠᠬᠢᠴᠠ ᠶᠢ ᠲᠣᠭᠲᠠᠭᠠᠬᠤ ᠶᠢᠨ ᠬᠠᠮᠲᠤ ᠠᠯᠬᠤᠮ ᠠᠯᠬᠤᠮ ᠢᠶᠠᠷ ᠠᠬᠢᠭᠤᠯᠵᠤ᠂ ᠭᠠᠷᠠᠭ ᠢᠶᠠᠷ ᠰᠠᠷ᠎ᠠ ᠶᠢ ᠪᠠᠲᠤᠯᠠᠨ᠂ ᠰᠠᠷ᠎ᠠ ᠪᠠᠷ ᠤᠯᠠᠷᠢᠯ ᠢ ᠪᠠᠲᠤᠯᠠᠨ᠂ ᠤᠯᠠᠷᠢᠯ ᠢᠶᠠᠷ ᠵᠢᠯ ᠢ ᠪᠠᠲᠤᠯᠠᠬᠤ ᠶᠢᠨ ᠬᠠᠮᠲᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠡᠮᠦᠨ᠎ᠡ ᠬᠤᠭᠤᠴᠠᠭᠠᠨ ᠳᠠᠬᠢ ᠡᠯ᠎ᠡ ᠲᠦᠷᠦᠯ ᠵᠦᠶᠯ ᠤᠨ ᠠᠵᠢᠯ ᠤᠨ ᠬᠦᠴᠢᠷᠳᠡᠯ ᠪᠠ ᠲᠦᠭᠵᠢᠷᠡᠯ ᠳᠤ ᠴᠢᠭᠯᠡᠭᠦᠯᠦᠨ᠂ ︽ᠨᠢᠭᠡ ᠵᠠᠮ ᠨᠢᠭᠡ ᠠᠷᠭ᠎ᠠ ᠪᠣᠳᠣᠯᠭ᠎ᠠ︾ ᠶᠢᠨ ᠰᠡᠳᠬᠢᠮᠵᠢ ᠶᠣᠰᠣᠭᠠᠷ ᠰᠢᠶᠳᠪᠦᠷᠢᠯᠡᠬᠦ ᠲᠥᠰᠦᠯ ᠢ ᠰᠤᠳᠤᠯᠤᠨ ᠲᠤᠭᠲᠠᠭᠠᠪᠠ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠥᠭᠵᠢᠭᠦᠯᠦᠯᠲᠡ ᠥᠭᠡᠷᠡᠴᠢᠯᠡᠯᠲᠡ᠂ ᠤᠯᠤᠰ ᠤᠨ ᠭᠠᠵᠠᠷ ᠰᠢᠷᠣᠶ ᠵᠡᠷᠭᠡ ᠰᠠᠯᠠᠭ᠎ᠠ ᠮᠥᠴᠢᠷ ᠯᠦᠭᠡ  ᠶᠢᠨ ᠵᠣᠬᠢᠴᠠᠯᠳᠤᠨ ᠨᠡᠪᠲᠡᠷᠡᠯᠴᠡᠬᠦ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠤᠶᠢᠯᠠᠭᠠᠵᠤ ᠳᠡᠮᠵᠢᠬᠦ ᠪᠠᠷ ᠴᠢᠷᠮᠠᠶᠢᠨ᠂ ᠲᠠᠲᠠᠪᠦᠷᠢᠯᠡᠨ ᠨᠤᠷᠠᠭᠠᠵᠤ ᠨᠡᠭᠦᠯᠭᠡᠬᠦ ᠪᠠ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ ᠶᠠᠪᠤᠳᠠᠯ ᠢ ᠲᠦᠷᠭᠡᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠡᠭᠦᠨ ᠳᠤ᠂ ᠪᠠᠶᠢᠭᠠᠯᠢ ᠶᠢᠨ ᠡᠬᠢ ᠪᠠᠶᠠᠯᠢᠭ  ᠤᠨ ᠰᠠᠯᠠᠭ᠎ᠠ ᠮᠥᠴᠢᠷ ᠢ ᠵᠣᠬᠢᠴᠠᠭᠤᠯᠵᠤ ︽ᠳᠤᠲᠠᠭᠰᠠᠨ ᠢ ᠪᠠᠭᠲᠠᠭᠠᠵᠤ ᠨᠥᠬᠦᠪᠥᠷᠢᠯᠡᠬᠦ︾ ᠠᠷᠭ᠎ᠠ ᠮᠠᠶ᠋ᠢᠭ ᠢᠶᠠᠷ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ ᠭᠠᠵᠠᠷ ᠬᠡᠷᠡᠭᠯᠡᠬᠦ ᠭᠠᠷᠳᠠᠮ ᠢ ᠦᠷᠭᠦᠯᠵᠢᠯᠡᠨ ᠭᠥᠯᠢᠶᠡᠨ ᠠᠪᠴᠤ ᠰᠢᠶᠳᠪᠦᠷᠢᠯᠡᠨ᠂ ᠣᠶ ᠰᠢᠭᠤᠶ ᠡᠪᠡᠰᠦ ᠪᠡᠯᠴᠢᠭᠡᠷ ᠤᠨ ᠬᠢᠨᠠᠨ ᠵᠥᠪᠰᠢᠶᠡᠷᠡᠬᠦ ᠵᠡᠷᠭᠡ ᠠᠵᠢᠯ ᠢ ᠵᠡᠷᠭᠡ ᠪᠠᠷ ᠥᠷᠨᠢᠭᠦᠯᠵᠦ᠂ ᠲᠥᠷᠥᠯ ᠵᠦᠶᠯ ᠤᠨ ᠤᠷᠤᠭᠰᠢᠲᠠᠶ ᠠᠵᠢᠯ ᠡᠬᠢᠯᠡᠬᠦ ᠳᠤ ᠲᠤᠯᠭᠠᠭᠤᠷᠢᠯᠠᠯ ᠬᠠᠩᠭᠠᠪᠠ᠃      ᠲᠥᠷᠥᠯ ᠵᠦᠶᠯ ᠤᠨ ᠱᠠᠲᠤ ᠦᠶ᠎ᠡ ᠶᠢᠨ ᠴᠢᠨᠠᠷᠲᠠᠶ ᠠᠬᠢᠴᠠ ᠳᠤ ᠬᠡᠷᠡᠭᠰᠡᠬᠦ ᠪᠡᠯᠡ ᠮᠥᠩᠭᠦ ᠳᠤ ᠴᠢᠭᠯᠡᠭᠦᠯᠦᠨ᠂ ᠵᠣᠭᠤᠰ ᠬᠡᠷᠡᠭᠯᠡᠬᠦ ᠨᠠᠷᠢᠨ ᠲᠥᠯᠥᠪᠯᠡᠭᠡ ᠶᠢ ᠤᠷᠢᠳᠴᠢᠯᠠᠨ ᠲᠤᠭᠲᠠᠭᠠᠪᠠ᠃ ᠡᠩ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠬᠠᠷᠢᠶ᠎ᠠ ᠭᠠᠵᠠᠷ ᠤᠨ ᠭᠠᠶᠢᠯᠢ ᠰᠦᠶᠳᠬᠡᠯ ᠢ ᠪᠤᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠨᠤᠲᠤᠭ ᠤᠨ ᠢᠵᠢ ᠪᠦᠷᠢᠳᠦᠭᠦᠯᠬᠦ ᠪᠠᠯᠠ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠬᠤ ᠪᠠᠷ ᠴᠢᠷᠮᠠᠶᠢᠪᠠ᠃ ᠠᠷᠤ ᠨᠠᠭᠤᠷ ᠪᠦᠳᠦᠭᠦᠨ - ᠤᠯᠢᠶᠠᠰᠤᠲᠠᠢ ᠵᠡᠷᠭᠡ ᠲᠥᠷᠥᠯ ᠵᠦᠶᠯ ᠤᠨ ᠳᠡᠭᠡᠳᠦ ᠱᠠᠲᠤᠨ ᠤ ᠨᠥᠬᠦᠪᠥᠷᠢ ᠪᠠᠯᠠ ᠮᠥᠩᠭᠦ ᠶᠢ ᠨᠢᠭᠡᠨᠲᠡ ᠪᠠᠭᠤᠯᠭᠠᠭᠰᠠᠨ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠭᠤᠴᠢᠨ ᠵᠠᠮ ᠢ ᠠᠰᠢᠭᠯᠠᠬᠤ ᠬᠡᠰᠡᠭ᠂ ᠡᠵᠡᠮᠳᠡᠯ ᠤᠨ ᠴᠢᠨᠠᠷᠲᠠᠶ ᠪᠠᠷᠢᠯᠭ᠎ᠠ ᠢ ᠤᠷᠢᠳᠠᠪᠠᠷ ᠠᠵᠢᠯ ᠡᠬᠢᠯᠡᠭᠦᠯᠬᠦ᠂ ᠬᠡᠮᠬᠡᠳᠡᠭ ᠴᠢᠯᠠᠭᠤ ᠴᠤᠭᠯᠠᠭᠤᠯᠵᠤ ᠪᠡᠯᠡᠳᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠠᠵᠢᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠲᠡᠷᠭᠡ ᠬᠥᠰᠬᠡ ᠬᠤᠳᠠᠯᠳᠤᠨ ᠠᠪᠦᠭ᠌ᠰᠠᠨ ᠤ ᠭᠠᠶᠢᠯᠢ ᠶᠢᠨ ᠪᠡᠯᠡ ᠮᠥᠩᠭᠦ ᠳᠠᠷᠤᠭᠳᠠᠬᠤ ᠲᠦᠭᠰᠢᠭᠦᠷᠢ ᠪᠣᠶ ᠪᠣᠯᠬᠤ ᠠᠴᠠ ᠵᠠᠶᠢᠯᠡᠰᠬᠢᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号