ᠵᠡᠭᠦᠨᠭᠠᠷ ᠬᠤᠰᠢᠭᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢ ᠲᠦᠷᠢᠮᠵᠢᠭᠦᠯᠪᠡ
ᠨᠡᠶᠢᠲᠡᠯᠡᠭᠰᠡᠨ ᠴᠠᠭ᠄
2021/8/19
     ᠣᠶᠢᠷ᠎ᠠ ᠳᠤ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠵᠡᠭᠦᠨᠭᠠᠷ ᠬᠤᠰᠢᠭᠤᠨ ᠤ ᠨᠢᠭᠡᠳᠦᠭᠡᠷ ᠶᠡᠭᠡ ᠠᠩᠭᠢ ᠨᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠠᠭᠠᠳ ᠥᠬᠡᠶ ᠪᠥᠭᠡᠳ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠪᠣᠯᠪᠠᠰᠤᠨ ᠲᠡᠭᠡᠭᠡᠪᠦᠷᠢ ᠶᠢᠨ ᠣᠷᠴᠢᠨ ᠠᠬᠤᠢ ᠢ ᠴᠢᠷᠮᠠᠶᠢᠨ ᠪᠣᠶ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ︾ ᠠᠵᠢᠯ ᠢ ᠳᠥᠯᠭᠢᠨ ᠠᠬᠢᠭᠤᠯᠪᠠ᠃      ᠲᠣᠰ ᠶᠡᠭᠡ ᠠᠩᠭᠢ ᠨᠢ ᠬᠠᠷᠢᠶᠠᠲᠦ ᠣᠷᠣᠨ ᠤ ᠪᠠᠨ ᠳᠣᠲᠣᠷᠠᠬᠢ ᠡᠯ᠎ᠡ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠶᠢ ᠴᠤᠭᠯᠠᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠲᠦᠷᠢᠮᠵᠢᠭᠦᠨ ᠪᠥᠭᠡᠳ ᠪᠣᠯᠪᠠᠰᠤᠨ ᠢᠶᠠᠷ ᠡᠵᠡᠩᠨᠡᠬᠦ ᠵᠡᠷᠭᠡ ᠱᠠᠭᠠᠷᠳᠠᠯᠭ᠎ᠠ ᠶᠢ ᠤᠯᠠᠮᠵᠢᠯᠠᠵᠤ᠂ ᠡᠯ᠎ᠡ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠶᠢ ︽ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ︾ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠭᠤᠤᠯ ᠡᠭᠦᠷᠭᠡ ᠶᠢ ᠨᠠᠶᠢᠳᠠᠪᠤᠷᠢᠵᠢᠭᠤᠯᠵᠤ᠂ ᠬᠥᠮᠦᠵᠢᠯ ᠪᠤᠯᠪᠠᠰᠤᠷᠠᠯ ᠢᠶᠠᠨ ᠴᠢᠩᠭᠠᠳᠬᠠᠨ᠂ ᠦᠪᠡᠷ ᠢ ᠪᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠲᠣᠰ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠴᠠᠭ ᠨᠡᠮᠡᠵᠦ ᠠᠵᠢᠯᠯᠠᠨ᠂ 3 ᠳᠤᠭᠤᠶᠢᠯᠠᠩ ᠬᠤᠪᠢᠶᠠᠵᠤ᠂ ᠰᠢᠤᠸᠠᠢ ᠵᠢᠶᠠ ᠸᠠᠨ ᠤ ᠮᠠᠰᠢᠨ ᠲᠡᠷᠭᠡᠨ ᠤ ᠥᠷᠲᠡᠭᠡ᠂ ᠵᠠᠮ ᠬᠠᠷᠢᠯᠴᠠᠭᠠᠨ ᠤ ᠠᠮᠤᠷ ᠲᠦᠪᠰᠢᠨ ᠵᠠᠮ ᠤᠨ ᠬᠡᠰᠡᠭ ᠵᠡᠷᠭᠡ ᠣᠯᠠᠨ ᠭᠤᠤᠯᠳᠠᠯᠭ᠎ᠠ ᠲᠠᠢ ᠣᠷᠣᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠨ ᠰᠢᠢᠳᠪᠦᠷᠢᠯᠡᠬᠦ ᠶᠢ ᠤᠶᠠᠯᠳᠤᠭᠤᠯᠬᠤ᠂ ᠪᠦᠲᠦᠮᠵᠢᠲᠡᠶ ᠰᠡᠷᠡᠮᠵᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠠᠩᠭᠢ ᠶᠢᠨ ᠬᠦᠴᠦᠨ ᠢ ᠳᠠᠶᠢᠴᠢᠯᠠᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂  ᠬᠠᠷᠢᠶᠠᠲᠦ ᠣᠷᠣᠨ ᠤ ᠵᠠᠮ ᠬᠠᠷᠢᠯᠴᠠᠭᠠᠨ ᠤ ᠡᠮᠬᠢ ᠵᠢᠷᠤᠮ᠂ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠲᠦᠷᠢᠮᠵᠢᠭᠦᠨ ᠡᠵᠡᠩᠨᠡᠯᠲᠡ ᠶᠢ ᠦᠨᠡᠨ ᠬᠦ ᠪᠠᠲᠤᠯᠠᠵᠤ᠂ ︽ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ︾ ᠪᠠᠶᠢᠴᠠᠭᠠᠯᠲᠠ ᠶᠢ ᠤᠭᠲᠤᠬᠤ ᠠᠵᠢᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃      ᠤᠳᠤᠬᠠᠨ ᠪᠣᠯᠲᠠᠯ᠎ᠠ᠂ ᠨᠢᠭᠡᠨᠲᠡ 140 ᠰᠠᠤᠷᠢ ᠤᠳᠠᠭ᠎ᠠ ᠬᠠᠤᠯᠢ ᠬᠡᠷᠡᠭᠵᠢᠭᠦᠯᠬᠦ ᠲᠡᠷᠭᠡ᠂ 280 ᠬᠦᠮᠦᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ 450 ᠲᠦᠷᠢᠶᠡᠰᠦᠨ ᠮᠠᠰᠢᠨ ᠲᠡᠷᠭᠡ ᠂ 6 ᠠᠵᠤ ᠠᠬᠤᠶᠢᠯᠠᠯ ᠢ ᠪᠠᠶᠢᠴᠠᠭᠠᠵᠤ᠂ 27 ᠭᠠᠷᠤᠶ ᠲᠡᠷᠭᠡᠨ ᠤ ᠤᠳᠠᠭ᠎ᠠ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠳᠦᠷᠢᠮᠵᠢᠭᠦᠯᠦᠨ ᠵᠠᠯᠠᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号