ᠥᠪᠥᠷ ᠮᠣᠩᠭᠤᠯ ᠲᠤᠯᠤᠭᠠᠨ ᠵᠦᠶᠯ ᠤᠨ ᠠᠵᠢᠯ ᠢ ᠰᠠᠶᠢᠲᠤᠷ ᠠᠳᠬᠤᠵᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠦᠶᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2021/8/20
     ᠨᠢᠭᠡ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠢ ᠲᠡᠷᠢᠭᠦᠨ ᠴᠢᠬᠤᠯᠠ ᠡᠭᠦᠷᠭᠡ ᠪᠣᠯᠭᠠᠨ᠎ᠠ᠃      ᠬᠤᠶᠠᠷ ᠲᠤ᠂ ᠠᠮᠤᠷ ᠲᠦᠪᠰᠢᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠨ᠎ᠡ᠃ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠶᠯᠡᠳᠪᠦᠷᠢᠯᠡᠯ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠶᠤᠯᠭᠦᠢ ᠦᠶᠯᠡᠳᠪᠦᠷᠢᠯᠡᠯ ᠤᠨ ᠬᠠᠤᠯᠢ︾ ᠶᠢᠨ ᠬᠤᠯᠪᠣᠭᠳᠠᠯ ᠪᠦᠬᠦᠢ ᠰᠤᠷᠤᠯᠴᠠᠯᠭ᠎ᠠ ᠪᠣᠯᠪᠠᠰᠤᠷᠠᠭᠤᠯᠤᠯ ᠢ ᠰᠢᠰᠲ᠋ᠧᠮ ᠲᠠᠢ ᠵᠣᠬᠢᠶᠠᠨ ᠪᠠᠶᠢᠭᠤᠯᠵᠤ᠂ ᠠᠶᠢᠮᠠᠭ ᠬᠤᠲᠠ ᠶᠢ ᠵᠢᠯᠣᠭᠤᠳᠴᠤ ᠪᠠᠶᠢᠭᠠᠳ ᠤᠬᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠬᠠᠮᠢᠶ᠎ᠠ ᠪᠦᠬᠦᠢ ᠠᠶᠤᠯᠭᠦᠢ ᠦᠶᠯᠡᠳᠪᠦᠷᠢᠯᠡᠯ ᠤᠨ ᠳᠦᠷᠢᠮ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠠᠳᠬᠤᠨ᠎ᠠ᠃      ᠭᠤᠷᠪᠠ ᠳᠤ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠪᠠᠲᠤᠯᠠᠨ᠎ᠠ᠃ ᠪᠠᠶᠢᠳᠠᠯ ᠢ ᠰᠤᠳᠤᠯᠤᠨ ᠮᠠᠭᠠᠳᠯᠠᠬᠤ ᠪᠠ ᠰᠡᠷᠡᠮᠵᠢᠯᠡᠭᠦᠯᠦᠨ ᠲᠥᠰᠦᠭᠡᠯᠡᠬᠦ ᠪᠠᠨ ᠴᠢᠩᠭᠠᠳᠬᠠᠵᠤ᠂ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠵᠠᠩᠭᠢᠯᠠᠭ᠎ᠠ ᠶᠢ ᠲᠣᠪᠣᠶᠢᠯᠭᠠᠵᠤ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠬᠤ ᠶᠠᠪᠤᠳᠠᠯ ᠢ ᠬᠠᠤᠯᠢ ᠶᠣᠰᠣᠭᠠᠷ ᠥᠷᠨᠢᠭᠦᠯᠵᠦ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃      ᠳᠥᠷᠪᠡ ᠳᠤ᠂ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠣᠳᠣ ᠶᠢᠨ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠨ ᠪᠦᠬᠦ ᠣᠷᠣᠨ ᠤ 1.8 ᠲᠦᠮᠡ ᠭᠠᠷᠤᠶ ︽ᠬᠤᠶᠠᠷ ᠠᠶᠠᠨᠴᠢᠨ ᠨᠢᠭᠡ ᠠᠶᠤᠯᠲᠠᠢ︾ ᠲᠡᠷᠭᠡ ᠬᠥᠰᠬᠡ ᠳᠤ ᠲᠤᠶᠢᠯ ᠤᠨ ᠴᠠᠭ ᠠᠭᠤᠷ ᠪᠣᠯᠤᠨ ᠵᠠᠮ ᠤᠨ ᠲᠣᠣᠷ ᠤᠨ ᠠᠵᠢᠯᠯᠠᠭᠠᠨ ᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠤᠨ ᠬᠦᠷᠭᠡᠨ᠎ᠡ︔ ︽ᠳᠦᠷᠪᠡᠨ ᠥᠯᠦ ᠬᠤᠶᠠᠷ ᠰᠢᠭᠤᠳ︾ ᠠᠷᠭ᠎ᠠ ᠮᠠᠶ᠋ᠢᠭ ᠢ ᠠᠪᠴᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠢ ᠴᠢᠩᠭ᠎ᠠ ᠠᠩᠬᠠᠷᠴᠤ ᠪᠠᠷᠢᠯᠭ᠎ᠠ ᠶᠢᠨ ᠲᠥᠷᠥᠯ ᠵᠦᠢᠯ ᠤᠨ ᠠᠮᠤᠷ ᠲᠢᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠨ᠎ᠠ︔ ᠨᠢᠭᠡ ᠤᠳᠠᠭᠠᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠠᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠳᠣᠬᠠᠨ ᠳᠤ ᠶᠠᠭ ᠰᠣᠷᠢᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ ᠪᠣᠢ᠃      ᠲᠠᠪᠤ ᠳᠤ᠂ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠪᠠ ᠠᠶᠤᠯᠭᠦᠢ ᠦᠶᠯᠡᠳᠪᠦᠷᠢᠯᠡᠯ ᠤᠨ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠩᠭ᠎ᠠ ᠠᠳᠬᠤᠨ᠎ᠠ᠃ ᠲᠤᠰᠬᠠᠶ ᠴᠡᠭᠴᠡᠯᠡᠨ ᠵᠠᠰᠠᠬᠤ ᠡᠭᠦᠷᠭᠡ  ᠶᠢᠨ ᠬᠡᠷᠡᠭᠵᠢᠭᠦᠯᠬᠦ ᠲᠥᠯᠥᠪᠯᠡᠭᠡ ᠶᠢ ᠴᠢᠩᠭ᠎ᠠ ᠵᠢᠷᠤᠮᠯᠠᠨ᠂ ᠵᠠᠮ ᠤᠨ ᠬᠠᠤᠯᠢ ᠪᠤᠰᠤ ᠠᠶᠠᠨᠴᠢᠳ ᠤᠨ ᠲᠡᠭᠡᠭᠡᠪᠦᠷᠢ᠂ ᠵᠢᠭᠤᠯᠴᠢᠯᠠᠯ ᠤᠨ ᠬᠥᠯᠥᠰᠥᠯᠡᠭᠰᠡᠨ ᠲᠡᠷᠭᠡ ᠶᠢ ᠬᠠᠮᠢᠶᠠᠷᠬᠤ ᠥᠬᠡᠶ᠂ ᠡᠩ ᠤᠨ ᠵᠠᠰᠠᠮᠠᠯ ᠵᠠᠮ ᠤᠨ ᠲᠡᠭᠡᠭᠡᠪᠦᠷᠢ ᠶᠢᠨ ︽ᠵᠠᠭᠤᠨ ᠲᠣᠨ ᠤ ᠸᠠᠩ︾᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠵᠡᠷᠭᠡ ᠭᠤᠤᠯᠳᠠᠯᠭ᠎ᠠ ᠲᠠᠢ ᠬᠦᠴᠢᠷᠲᠠᠢ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯᠭᠦᠢ ᠦᠶᠯᠡᠳᠪᠦᠷᠢᠯᠡᠯ  ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠠᠶ ᠳᠤ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠤᠯᠬᠤ  ᠶᠢ ᠦᠨᠡᠨ ᠬᠦ ᠪᠠᠲᠤᠯᠠᠨ᠎ᠠ︔ ᠠᠶᠢᠮᠠᠭ ᠬᠤᠲᠠ ᠶᠢ ᠵᠢᠯᠣᠭᠤᠳᠴᠤ ᠪᠠᠶᠢᠭᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠨᠳᠦ ᠶᠡᠭᠡ ᠲᠦᠭᠰᠢᠭᠦᠷᠢ ᠶᠢᠨ ᠨᠠᠷᠢᠨ ᠬᠠᠭᠤᠳᠠᠰᠤ︾ ᠶᠣᠰᠣᠭᠠᠷ ᠬᠦᠨᠳᠦ ᠶᠡᠭᠡ ᠲᠦᠭᠰᠢᠭᠦᠷᠢ ᠶᠢ ᠬᠢᠨᠠᠮᠠᠭᠠᠶ ᠵᠢᠭᠰᠠᠭᠠᠨ ᠪᠠᠶᠢᠴᠠᠭᠠᠵᠤ ᠡᠮᠬᠢᠯᠡᠨ᠎ᠡ᠃      ᠵᠢᠷᠭᠤᠭ᠎ᠠ ᠳᠤ᠂ ᠠᠵᠢᠯ ᠤᠨ ᠮᠡᠳᠡᠭᠦᠯᠦᠯᠲᠡ ᠶᠢᠨ ᠲᠣᠭᠲᠠᠴᠠ ᠶᠢ ᠬᠡᠷᠡᠭᠵᠢᠭᠦᠯᠦᠨ᠎ᠡ᠃ ᠠᠶᠤᠯᠭᠦᠶ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠢ ᠠᠬᠢᠭᠤᠯᠤᠭᠰᠠᠨ ᠨᠢ ᠢᠳᠡᠪᠬᠢᠲᠡᠶ ᠪᠢᠰᠢ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠬᠡᠢ ᠨᠢᠭᠡᠴᠢ ᠪᠠ ᠰᠠᠯᠠᠭ᠎ᠠ ᠮᠥᠴᠢᠷ ᠢ ᠵᠠᠷᠯᠠᠨ ᠮᠡᠳᠡᠭᠳᠡᠵᠦ᠂ ᠪᠣᠯᠵᠣᠨ ᠶᠠᠷᠢᠯᠴᠠᠨ᠎ᠠ᠃ ᠡᠭᠦᠨ ᠤ ᠬᠠᠮᠲᠤ᠂ ︽ᠳᠦᠷᠪᠡᠨ ᠥᠯᠦ ᠬᠤᠶᠠᠷ ᠰᠢᠭᠤᠳ︾ ᠠᠷᠭ᠎ᠠ ᠮᠠᠶ᠋ᠢᠭ ᠢᠶᠠᠷ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃      ᠳᠣᠯᠤᠭ᠎ᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ  ᠶᠢ ᠴᠢᠩᠭᠠᠳᠬᠠᠨ᠎ᠠ᠃ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠬᠤᠷᠳᠤᠴᠠ ᠪᠣᠯᠤᠨ ᠰᠢᠶᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ︔ ᠴᠠᠭ ᠠᠭᠤᠷ᠂ ᠦᠶᠡᠷ ᠢ ᠰᠡᠷᠭᠡᠶᠢᠯᠡᠬᠦ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠯᠦᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠤᠨ ᠴᠠᠭ ᠠᠭᠤᠷ ᠤᠨ ᠲᠥᠰᠦᠭᠡᠯᠡᠯ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠥᠲᠥᠯᠥᠨ ᠵᠢᠯᠤᠭᠤᠳᠤᠨ᠎ᠠ᠃ ᠡᠭᠦᠨ ᠤ ᠬᠠᠮᠲᠤ᠂ ᠤᠳᠤᠷᠢᠳᠤᠯᠭ᠎ᠠ ᠠᠴᠠ ᠡᠭᠡᠯᠵᠢ ᠳᠠᠭᠠᠭᠤᠯᠬᠤ ᠪᠠ 24 ᠴᠠᠭ ᠤᠨ ᠺᠠᠳ᠋ᠷ ᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠬᠦ ᠰᠠᠬᠢᠯᠭ᠎ᠠ ᠪᠠᠲᠤ ᠶᠢ ᠴᠢᠩᠳᠠᠯᠠᠨ᠎ᠠ︔ ᠵᠠᠰᠠᠮᠠᠯ ᠵᠠᠮ ᠤᠨ ᠭᠠᠮᠰᠢᠭ ᠲᠤ ᠬᠤᠬᠢᠷᠠᠭᠰᠠᠨ ᠬᠤᠬᠢᠷᠠᠯ ᠢ ᠬᠤᠷᠢᠶᠠᠩᠭᠤᠶᠢᠯᠠᠨ ᠪᠦᠷᠢᠳᠬᠡᠬᠦ ᠠᠵᠢᠯ ᠢ ᠦᠨᠡᠨ ᠬᠦ ᠰᠠᠶᠢᠲᠤᠷ ᠬᠢᠵᠦ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠳᠣᠷᠣᠭᠰᠢ ᠳᠠᠮᠵᠢᠭᠤᠯᠬᠤ ᠠᠷᠭ᠎ᠠ ᠵᠠᠮ ᠤᠨ ᠰᠠᠭᠠᠳ ᠦᠭᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号