331 ᠤᠯᠤᠰ ᠤᠨ ᠵᠠᠮ ᠤᠨ ᠤᠷᠠᠳ ᠤᠨ ᠬᠤᠶᠢᠲᠤ ᠬᠤᠰᠢᠭᠤᠨ ᠤ ᠬᠡᠰᠡᠭ ᠤᠨ ᠵᠠᠰᠠᠮᠠᠯ ᠵᠠᠮ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2021/8/23
     ᠣᠶᠢᠷ᠎ᠠ ᠳᠤ᠂ ᠬᠠᠮᠢᠶ᠎ᠠ ᠪᠥᠬᠦᠶ ᠠᠵᠢᠯ ᠲᠤᠰᠢᠶᠠᠵᠤ ᠰᠢᠯᠭᠠᠨ ᠠᠪᠬᠤ ᠵᠢᠷᠤᠮ ᠢ ᠭᠦᠢᠴᠡᠳᠭᠡᠵᠤ ᠳᠠᠭᠤᠰᠬᠠᠭᠰᠠᠨ ᠪᠥᠭᠡᠳ ᠭᠥᠯᠢᠶᠡᠨ ᠠᠪᠴᠤ ᠠᠷᠠᠴᠢᠯᠠᠬᠤ ᠨᠢᠭᠡᠴᠢ ᠳᠤ ᠵᠢᠩᠬᠢᠨᠢ ᠪᠠᠷ ᠰᠢᠯᠵᠢᠭᠦᠯᠦᠨ ᠲᠤᠰᠢᠶᠠᠬᠤ ᠶᠢ ᠳᠠᠭᠠᠯᠳᠤᠨ᠂ 331 ᠤᠯᠤᠰ ᠤᠨ ᠵᠠᠮ ᠤᠨ ᠦᠵᠦᠭᠦᠷ ᠠᠴᠠ ᠬᠤᠶᠢᠲᠤ ᠢᠡᠭᠬᠡᠨ ︵ᠤᠷᠠᠳ ᠤᠨ ᠬᠤᠶᠢᠲᠤ ᠬᠤᠰᠢᠭᠤᠨ ᠤ ᠬᠡᠰᠡᠭ︶ ᠬᠥᠷᠬᠦ ᠵᠠᠰᠠᠮᠠᠯ ᠵᠠᠮ ᠤᠷᠤᠭᠰᠢᠲᠠᠶ ᠲᠡᠷᠭᠡ ᠨᠡᠪᠲᠡᠷᠡᠪᠡ᠃      331 ᠤᠯᠤᠰ ᠤᠨ ᠵᠠᠮ ᠤᠨ ᠦᠵᠦᠭᠦᠷ ᠠᠴᠠ ᠬᠤᠶᠢᠲᠤ ᠢᠩᠭᠡᠨ ᠬᠦᠷᠬᠦ ︵ᠤᠷᠠᠳ ᠤᠨ ᠬᠤᠶᠢᠲᠤ ᠬᠤᠰᠢᠭᠤᠨ ᠤ ᠬᠡᠰᠡᠭ︶ ᠵᠠᠰᠠᠮᠠᠯ ᠵᠠᠮ ᠪᠣᠯ᠂ 331 ᠤᠯᠤᠰ ᠤᠨ ᠵᠠᠮ ᠤᠨ ᠳ᠋ᠠᠨᠳᠦ᠋ᠩ - ᠠᠯᠲᠠᠶ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠤᠰ ᠬᠡᠰᠡᠭ ᠵᠠᠰᠠᠮᠠᠯ ᠵᠠᠮ ᠨᠢ ᠤᠷᠠᠳ ᠤᠨ ᠬᠤᠶᠢᠲᠤ ᠬᠤᠰᠢᠭᠤᠨ ᠤ ᠬᠢᠵᠠᠭᠠᠷ ᠲᠠᠬᠢ ᠪᠠᠶᠠᠨᠴᠢᠨᠳᠠᠮᠣᠨᠢ ᠰᠤᠮᠤ᠂ ᠴᠤᠬᠠᠦ᠋ᠨᠳᠦᠷ ᠪᠠᠯᠭᠠᠰᠤ᠂ ᠬᠥᠭᠡᠴᠢ ᠰᠤᠮᠤ ᠵᠡᠷᠭᠡ 3 ᠰᠤᠮᠤ ᠪᠠᠯᠭᠠᠰᠤ  ᠪᠠᠷ ᠥᠩᠭᠡᠷᠡᠵᠦ᠂ ᠵᠠᠮ ᠱᠤᠭᠤᠮ ᠨᠢ ᠶᠡᠷᠦᠩᠬᠡᠢ ᠳᠤ ᠪᠠᠨ ᠵᠡᠭᠦᠨᠰᠢ ᠪᠠᠷᠠᠭᠤᠨᠰᠢ ᠴᠢᠭᠯᠡᠯ ᠢᠶᠠᠷ ᠢᠯᠡᠷᠡᠵᠤ᠂ ᠡᠬᠢᠯᠡᠯᠲᠡ ᠶᠢᠨ ᠴᠡᠭ ᠨᠢ ᠤᠷᠠᠳ ᠤᠨ ᠳᠤᠮᠳᠠᠳᠤ ᠬᠤᠰᠢᠭᠤ ᠪᠣᠯᠤᠨ ᠤᠷᠠᠳ ᠤᠨ ᠬᠤᠶᠢᠲᠤ ᠬᠤᠰᠢᠭᠤᠨ ᠤ ᠠᠭᠤᠯᠵᠠᠷ ᠤᠨ ᠪᠠᠶᠠᠨᠴᠠᠭᠠᠨ ᠳᠤ ᠪᠠᠶᠢᠷᠢᠯᠠᠵᠤ᠂ ᠵᠠᠮ ᠳᠠᠭᠠᠤ ᠪᠠᠷᠠᠭᠤᠨ ᠡᠮᠦᠨᠡᠰᠢ ᠴᠠᠭᠠᠨᠬᠦ᠋ᠷᠢᠶ᠎ᠡ᠂ ᠰᠠᠷᠪᠤᠩ᠂ ᠰᠠᠷᠠ ᠂ ᠪᠠᠶᠠᠨ ᠨᠢᠷᠤᠭᠤ᠂ ᠳᠤᠯᠤᠭᠠᠨᠮᠤᠳᠦ ᠪᠠᠷ ᠥᠩᠭᠡᠷᠡᠵᠦ᠂ ᠳᠡᠭᠦᠰᠭᠡᠯ ᠤᠨ ᠴᠡᠭ ᠨᠢ ᠤᠷᠠᠳ ᠤᠨ ᠬᠤᠶᠢᠲᠤ ᠬᠤᠰᠢᠭᠤ ᠪᠣᠯᠤᠨ ᠠᠯᠠᠱᠠ ᠠᠶᠢᠮᠠᠭ ᠤᠨ ᠠᠭᠤᠯᠵᠠᠷ ᠲᠠᠬᠢ ᠬᠤᠶᠢᠲᠤ ᠢᠩᠭᠡᠨ ᠳᠤ ᠲᠡᠭᠦᠰᠴᠤ᠂ ᠭᠤᠣᠯ ᠱᠤᠭᠤᠮ ᠤᠨ ᠤᠷᠳᠤ ᠨᠢ 214.6 ᠺᠢᠯᠦᠮᠧᠲᠷ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 10.04 ᠳ᠋ᠦᠩᠰᠢᠭᠤᠷ ᠲᠥᠭᠦᠷᠢᠭ᠂ ᠵᠠᠰᠠᠮᠠᠯ ᠵᠠᠮ ᠤᠨ ᠭᠤᠣᠯ ᠱᠤᠭᠤᠮ ᠢ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠪᠠ᠃      ᠲᠦᠷᠦᠯ ᠵᠦᠢᠯ ᠠᠵᠢᠯ ᠡᠬᠢᠯᠡᠭᠰᠡᠨ ᠡᠬᠢᠨ ᠤ ᠦᠶ᠎ᠡ ᠳᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠪᠡᠶ᠎ᠡ ᠴᠣᠭᠴᠠ ᠯᠤᠲᠤ ᠶᠡᠭᠡ᠂ ᠭᠠᠵᠠᠷ ᠤᠨ ᠪᠠᠶᠢᠴᠠ ᠨᠢ ᠪᠤᠳᠤᠯᠢᠶᠠᠨᠲᠠᠶ ᠣᠯᠠᠨ ᠶᠠᠩᠵᠤ᠂ ᠠᠭᠤᠷ ᠠᠮᠢᠰᠬᠤᠯ ᠤᠨ ᠨᠥᠬᠦᠴᠡᠯ ᠮᠠᠭᠤ᠂ ᠪᠦᠬᠦ ᠱᠤᠭᠤᠮ ᠳᠤ ᠤᠰᠤᠨ ᠤ ᠰᠤᠷᠪᠤᠯᠵᠢ ᠬᠦᠨᠳᠦ ᠨᠣᠴᠢᠲᠠᠶ ᠲᠤᠳᠠᠭᠳᠠᠵᠤ᠂ ᠬᠤᠯᠪᠣᠭᠠᠨ ᠤ ᠳᠣᠬᠢᠶ᠎ᠠ ᠰᠠᠭᠠᠳ ᠲᠠᠢ᠂ ᠶᠡᠬᠡᠩᠬᠢ ᠬᠡᠰᠡᠭ ᠲᠤ ᠴᠠᠬᠢᠯᠭᠠᠨ ᠬᠦᠴᠦᠨ ᠤ ᠬᠠᠩᠭᠠᠯᠭ᠎ᠠ ᠦᠭᠡᠢ ᠵᠡᠷᠭᠡ ᠬᠦᠴᠢᠷᠳᠡᠯ ᠳᠤ ᠬᠠᠨᠳᠤᠭᠤᠯᠵᠤ᠂ ᠤᠷᠠᠳ ᠤᠨ ᠬᠤᠶᠢᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠬᠦᠯᠢᠶᠡᠬᠦ ᠦᠭᠡᠢ ᠲᠦᠰᠢᠭᠯᠡᠬᠦ ᠦᠭᠡᠢ᠂ ᠢᠳᠡᠪᠬᠢ ᠳᠠᠭᠠᠷᠢᠯᠲᠠ ᠬᠢᠵᠤ᠂ ᠲᠥᠷᠥᠯ ᠵᠦᠢᠯ ᠤᠨ ᠡᠯ᠎ᠡ ᠪᠠᠶᠢᠭᠤᠯᠬᠤ ᠳᠤ ᠤᠷᠤᠯᠴᠠᠬᠤ ᠲᠠᠯ᠎ᠠ ᠶᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠨᠠᠷᠢᠨ ᠨᠢᠭᠲᠠ ᠪᠠᠶᠢᠷᠢᠯᠠᠭᠤᠯᠤᠯᠲᠠ ᠪᠠ ᠲᠥᠯᠥᠪᠵᠢᠭᠦᠯᠭᠡ ᠬᠢᠵᠤ᠂ ᠡᠭᠦᠨ ᠤ ᠬᠠᠮᠲᠦ ᠪᠠᠷᠢᠯᠭ᠎ᠠ ᠪᠠᠷᠢᠬᠤ ᠶᠠᠪᠤᠴᠠ ᠳᠤ ᠠᠳᠠᠯᠢ ᠪᠤᠰᠤ ᠪᠠᠶᠢᠳᠠᠯ ᠢ ᠦᠨᠳᠦᠰᠦᠯᠡᠨ ᠠᠬᠢᠴᠠ ᠶᠢᠨ ᠲᠥᠯᠥᠪᠯᠡᠭᠡ ᠪᠠᠨ ᠴᠠᠭ ᠲᠤᠬᠠᠶ ᠳᠤ ᠨᠢ ᠲᠤᠬᠢᠷᠠᠭᠤᠯᠵᠤ᠂ ᠨᠢᠭᠡ ᠨᠢᠭᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠵᠤ᠂ ᠬᠠᠮᠤᠭ ᠡᠴᠦᠰ ᠲᠤ ᠪᠦᠬᠦ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃      331 ᠤᠯᠤᠰ ᠤᠨ ᠵᠠᠮ᠂ 335 ᠤᠯᠤᠰ ᠤᠨ ᠵᠠᠮ ᠤᠨ ᠵᠠᠯᠭᠠᠭ᠎ᠠ ᠪᠠᠷ ᠪᠠᠶᠢᠭᠤᠯᠵᠤ ᠳᠠᠭᠤᠰᠬᠠᠵᠤ ᠲᠡᠷᠭᠡ ᠨᠡᠪᠳᠡᠷᠡᠭᠰᠡᠨ ᠨᠢ᠂ ᠤᠷᠠᠳ ᠤᠨ ᠬᠤᠶᠢᠲᠤ ᠬᠤᠰᠢᠭᠤᠨ ᠤ ᠬᠢᠯᠢ ᠳᠣᠲᠣᠷᠠᠬᠢ ᠤᠯᠤᠰ ᠤᠨ ᠵᠠᠮ ᠥᠬᠡᠶ ᠲᠡᠦᠬᠡ ᠶᠢᠨ ᠬᠤᠭᠤᠰᠣᠨ ᠢ ᠨᠥᠬᠦᠪᠥᠷᠢᠯᠡᠪᠡ᠃ ᠡᠭᠦᠨ ᠤ ᠬᠠᠮᠲᠤ᠂ ᠲᠣᠰ ᠬᠡᠰᠡᠭ ᠵᠠᠰᠠᠮᠠᠯ ᠵᠠᠮ ᠨᠢ ᠮᠦᠨ ᠴᠦ ᠤᠷᠠᠳ ᠤᠨ ᠬᠤᠶᠢᠲᠤ ᠬᠤᠰᠢᠭᠤᠨ ᠤ ︽ᠳᠥᠷᠪᠡᠨ ᠬᠥᠨᠳᠡᠯᠡᠨ ᠳᠥᠷᠪᠡᠨ ᠭᠤᠯᠳᠤ︾ ᠵᠠᠰᠠᠮᠠᠯ ᠵᠠᠮ ᠤᠨ ᠲᠤᠤᠷ ᠳᠣᠲᠣᠷᠠᠬᠢ ᠴᠢᠬᠤᠯᠠ ᠨᠢᠭᠡ ᠬᠥᠨᠳᠡᠯᠡᠨ ᠱᠤᠭᠤᠮ ᠪᠤᠯᠤᠨ᠎ᠠ᠂ ᠲᠥᠷᠥᠯ ᠵᠦᠢᠯ ᠤᠨ ᠪᠠᠶᠢᠭᠤᠯᠤᠭᠳᠠᠭᠰᠠᠨ ᠨᠢ ᠤᠷᠠᠳ ᠤᠨ ᠬᠤᠶᠢᠲᠤ ᠬᠤᠰᠢᠭᠤᠨ ᠤ ᠬᠢᠯᠢ ᠳᠠᠭᠠᠤ ᠭᠠᠵᠠᠷ ᠣᠷᠣᠨ ᠤ ᠵᠠᠮ ᠤᠨ ᠲᠣᠣᠷ ᠤᠨ ᠪᠦᠲᠦᠴᠡ ᠶᠢ ᠨᠠᠩ ᠰᠢᠯᠢᠳᠡᠭᠵᠢᠭᠦᠯᠵᠦ᠂ ᠬᠤᠰᠢᠭᠤᠨ ᠤ ᠬᠡᠪᠴᠢᠶᠡᠨ ᠳᠠᠬᠢ ᠬᠢᠯᠢ ᠳᠠᠭᠠᠤ ᠣᠷᠣᠨ ᠤ ᠠᠵᠤ ᠠᠬᠤᠶ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号