ᠳ᠋ᠧᠩᠺᠧᠦ ᠰᠢᠶᠠᠨ ᠤ ᠪᠤᠯᠤᠩ ᠨᠠᠭᠤᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠠᠵᠢᠯᠯᠡᠨ ᠡᠵᠡᠭᠨᠡᠪᠡ
ᠨᠡᠶᠢᠲᠡᠯᠡᠭᠰᠡᠨ ᠴᠠᠭ᠄
2021/8/23
     ᠲᠦᠷᠦᠭᠦᠬᠡᠨ᠂ ᠪᠠᠶᠠᠨᠨᠠᠭᠤᠷ ᠬᠤᠲᠠ ᠶᠢᠨ ᠳ᠋ᠧᠩᠺᠧᠦ ᠰᠢᠶᠠᠨ ᠤ ᠪᠤᠯᠤᠩ ᠨᠠᠭᠤᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠵᠢᠩᠬᠢᠨᠢ ᠪᠠᠷ ᠠᠵᠢᠯᠯᠡᠨ ᠡᠵᠡᠭᠨᠡᠪᠡ᠃      ᠳ᠋ᠧᠩᠺᠧᠦ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠤᠯᠤᠩ ᠨᠠᠭᠤᠷ ᠪᠠᠯᠭᠠᠰᠤᠨ ᠤ ᠰᠢᠨ ᠾᠧ ᠲᠣᠰᠬᠤᠨ᠂ ᠳ᠋ᠦ᠋ ᠺᠸᠦ ᠪᠠᠯᠭᠠᠰᠤᠨ ᠤ ᠴᠧᠩ ᠰᠢ ᠲᠣᠰᠬᠤᠨ ᠳᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠦᠯᠢᠶᠡᠬᠦ᠂ ᠲᠦᠷᠭᠡᠨ ᠬᠦᠷᠭᠡᠯᠲᠡ ᠶᠢᠨ ᠦᠢᠯᠡᠴᠢᠯᠡᠭᠡ᠂ ᠠᠷᠠᠴᠢᠯᠠᠨ ᠬᠠᠮᠠᠭᠠᠯᠠᠬᠤ ᠥᠷᠲᠡᠭᠡ ᠵᠡᠷᠭᠡ ᠶᠢ ᠲᠦᠪᠯᠡᠷᠡᠭᠦᠯᠦᠭᠰᠡᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ︾ ᠶᠢ ᠬᠤᠶᠠᠷ ᠢ ᠰᠢᠨ᠎ᠡ ᠪᠠᠷ ᠪᠠᠶᠢᠭᠤᠯᠪᠠ᠃ ᠰᠢᠨ ᠾᠧ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠨᠢ ᠲᠣᠰ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠲᠦᠰᠢᠭᠯᠡᠨ ᠪᠠᠰᠠ ︽ᠨᠠᠮ ᠤᠨ ᠪᠠᠶᠢᠭᠤᠯᠤᠯᠲᠠ ᠶᠢᠨ ᠨᠡᠶᠢᠲᠡ ᠬᠤᠪᠢ ᠬᠡᠲᠦ ᠳᠡᠯᠭᠡᠭᠦᠷ︾᠂ ︽ᠨᠠᠮ ᠪᠠ ᠣᠯᠠᠨ ᠲᠦᠮᠡᠨ ᠤ ᠤᠩᠰᠢᠯᠭ᠎ᠠ ᠶᠢᠨ ᠥᠷᠥᠭᠡ︾ ᠭᠠᠷᠭᠠᠪᠠ᠃ ᠲᠣᠰᠬᠤᠨ ᠤ ᠠᠷᠠᠳ ᠨᠢ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠣᠰᠬᠤᠨ ᠤ ᠠᠵᠢᠯᠯᠠᠭ᠎ᠠ ᠳᠤ ᠣᠷᠣᠯᠴᠠᠬᠤ ᠵᠡᠷᠭᠡ ᠬᠡᠯᠪᠡᠷᠢ ᠪᠠᠷ ᠨᠡᠶᠢᠲᠡ ᠬᠤᠪᠢ ᠤᠯᠵᠦ᠂ ᠨᠡᠶᠢᠲᠡ ᠬᠤᠪᠢ ᠪᠠᠷ ︽ᠨᠠᠮ ᠤᠨ ᠪᠠᠶᠢᠭᠤᠯᠤᠯᠲᠠ ᠶᠢᠨ ᠨᠡᠶᠢᠲᠡ ᠬᠤᠪᠢ ᠬᠡᠲᠦ ᠳᠡᠯᠭᠡᠭᠦᠷ︾ ᠲᠤ ᠠᠮᠢᠳᠤᠷᠠᠯ ᠤᠨ ᠬᠡᠷᠡᠭᠰᠡᠯ ᠰᠣᠯᠢᠵᠤ ᠪᠣᠯᠤᠨ᠎ᠠ᠃ ︽ᠨᠠᠮ ᠪᠠ ᠣᠯᠠᠨ ᠲᠦᠮᠡᠨ ᠤ ᠤᠩᠰᠢᠯᠭ᠎ᠠ ᠶᠢᠨ ᠥᠷᠥᠭᠡ︾ ᠨᠢ ᠲᠣᠰᠬᠤᠨ ᠤ ᠠᠷᠠᠳ ᠲᠤ ᠲᠠᠭᠠᠯᠠᠮᠵᠢᠲᠠᠶ ᠤᠩᠰᠢᠯᠭ᠎ᠠ ᠶᠢᠨ ᠲᠠᠯᠠᠪᠤᠷ ᠬᠠᠩᠭᠠᠵᠤ᠂ ᠥᠷᠭᠡᠨ ᠣᠯᠠᠨ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠬᠦ ᠠᠷᠠᠳ ᠢᠶᠠᠷ ᠢᠶᠠᠨ ᠨᠣᠮ ᠤᠩᠰᠢᠬᠤ ᠭᠦᠨ ᠵᠤᠵᠠᠭᠠᠨ ᠤᠷᠴᠢᠨ ᠪᠠᠶᠢᠳᠠᠯ ᠢ ᠪᠣᠶ ᠪᠣᠯᠭᠠᠪᠠ᠃      ᠦᠢᠯᠡᠴᠢᠯᠡᠭᠡᠨ ᠤ ᠥᠷᠲᠡᠭᠡ ᠶᠢᠨ ᠠᠵᠢᠯᠯᠡᠨ ᠡᠵᠡᠭᠨᠡᠭᠰᠡᠨ ᠨᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠪᠠᠳᠠᠷᠠᠭᠤᠯᠤᠭᠰᠠᠨ ᠮᠥᠷᠲᠡᠭᠡᠨ ᠪᠠᠰᠠ ᠣᠯᠠᠨ ᠲᠦᠮᠡᠨ ᠲᠠᠢ ᠨᠢᠭᠲᠠ ᠬᠠᠷᠢᠯᠴᠠᠬᠤ ᠴᠤᠩᠬᠤᠪᠴᠢ ᠪᠣᠯᠵᠣ᠂ ᠣᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠢᠳᠡᠪᠬᠢᠲᠡᠶ ᠣᠷᠣᠯᠴᠠᠬᠤ ᠶᠢ ᠠᠬᠢᠭᠤᠯᠵᠤ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠪᠠ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠯᠪᠠᠰᠤᠨ ᠬᠥᠳᠡᠭᠡ ᠶᠢᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠯᠠᠮ ᠨᠢᠭᠡ ᠠᠯᠬᠤᠮ ᠦᠢᠯᠡᠴᠢᠯᠡᠬᠦ ᠳᠤ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ︵ᠪᠠᠳᠮ᠎ᠠ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号