ᠣᠯᠠᠨ ᠰᠠᠯᠠᠭ᠎ᠠ ᠮᠥᠴᠢᠷ ᠬᠠᠮᠲᠤᠷᠠᠨ ᠡᠷᠭᠦᠨ᠎ᠡ ᠶᠢᠨ ᠵᠢᠭᠤᠯᠴᠢᠯᠠᠯ ᠤᠨ ᠵᠠᠰᠠᠮᠠᠯ ᠵᠠᠮ ᠤᠨ ᠳᠠᠯᠳᠠ ᠬᠡᠮ ᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2021/8/24
     ᠣᠶᠢᠷ᠎ᠠ ᠳᠤ᠂ ᠡᠷᠭᠦᠨ᠎ᠡ ᠬᠤᠲᠠ ᠶᠢᠨ ᠵᠠᠰᠠᠭ ᠤᠨ ᠣᠷᠳᠣᠨ ᠠᠴᠠ ᠲᠦᠷᠦᠭᠦᠯᠦᠨ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠯᠠᠪᠳᠠᠯᠢᠨ ᠶᠡᠭᠡ ᠠᠩᠭᠢ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ᠂ ᠤᠰᠤᠷᠬᠠᠭ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ᠂ ᠵᠢᠭᠤᠯᠴᠢᠯᠠᠯ ᠵᠡᠷᠭᠡ ᠰᠠᠯᠠᠭ᠎ᠠ ᠮᠥᠴᠢᠷ ᠬᠠᠮᠲᠤᠷᠠᠨ 331 ᠤᠯᠤᠰ ᠤᠨ ᠵᠠᠮ ᠤᠨ ᠯᠠᠪᠳᠠᠯᠢᠨ ᠠᠴᠠ ᠾᠸᠢ ᠱᠠᠨ ᠳᠧᠦ ᠬᠥᠷᠬᠦ ᠬᠡᠰᠡᠭ ᠤᠨ ᠵᠠᠰᠠᠮᠠᠯ ᠵᠠᠮ ᠤᠨ ᠠᠮᠤᠷ ᠲᠦᠪᠰᠢᠨ ᠤ ᠳᠠᠯᠳᠠ ᠭᠡᠮ ᠢ ᠴᠡᠪᠡᠷᠯᠡᠨ ᠴᠡᠭᠴᠡᠯᠡᠵᠦ᠂ ᠨᠡᠶᠢᠲᠡ 10 ᠭᠠᠵᠠᠷ ᠵᠠᠰᠠᠮᠠᠯ ᠵᠠᠮ ᠤᠨ ᠠᠮᠤᠷ ᠲᠦᠪᠰᠢᠨ ᠤ ᠳᠠᠯᠳᠠ ᠭᠡᠮ ᠢ ᠴᠡᠪᠡᠷᠯᠡᠪᠡ᠃      ᠵᠢᠭᠤᠯᠴᠢᠯᠠᠯ ᠤᠨ ᠬᠦᠭᠵᠢᠯᠲᠡᠢ ᠴᠠᠭ ᠬᠦᠷᠴᠦ ᠢᠷᠡᠬᠦ ᠲᠠᠰᠢᠷᠠᠮ ᠢᠶᠠᠷ᠂ ᠣᠨᠴᠠ ᠵᠠᠷᠢᠮ ᠠᠷᠠᠳ ᠳᠤᠷ᠎ᠠ ᠪᠠᠷ ᠢᠶᠠᠨ ᠬᠠᠤᠯᠢ ᠪᠤᠰᠤ ᠵᠠᠮ ᠤᠨ ᠠᠭᠤᠯᠵᠠᠷ ᠳᠡᠪᠢᠰᠴᠦ᠂ ᠮᠣᠷᠢ ᠤᠨᠤᠬᠤ ᠲᠠᠯᠠᠪᠠᠢ ᠵᠡᠷᠭᠡ ︽ᠦᠵᠡᠮᠵᠢ ᠶᠢᠨ ᠭᠠᠵᠠᠷ︾ ᠢ ᠨᠡᠮᠡᠨ ᠪᠠᠶᠢᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ ᠤ ᠳᠠᠯᠳᠠ ᠭᠡᠮ ᠢ ᠠᠪᠴᠢᠷᠠᠪᠠ᠃ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠶᠢᠨ ᠲᠥᠯᠥᠭᠡ᠂ ᠲᠣᠰ ᠶᠡᠭᠡ ᠠᠩᠭᠢ ᠶᠢᠨ ᠬᠢᠨ ᠣᠯᠠᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠳᠤᠷᠠᠵᠤ᠂ ︽ᠦᠵᠡᠮᠵᠢ ᠶᠢᠨ ᠭᠠᠵᠠᠷ ︾ ᠤᠨ ᠬᠥᠮᠦᠰ ᠲᠠᠢ ᠣᠯᠠᠨ ᠤᠳᠠᠭ᠎ᠠ ᠪᠣᠯᠵᠣᠨ ᠶᠠᠷᠢᠯᠴᠠᠵᠤ᠂ ᠠᠮᠤᠷ ᠲᠦᠪᠰᠢᠨ ᠤ ᠳᠠᠯᠳᠠ ᠬᠡᠮ ᠤᠨ ᠬᠤᠤᠷ ᠬᠥᠨᠥᠭᠡᠯ ᠢ ᠲᠣᠳᠣᠷᠬᠠᠶᠢᠯᠠᠵᠤ᠂ ᠠᠷᠠᠳ ᠣᠯᠠᠨ ᠳᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠣᠶᠢᠯᠠᠭᠠᠯᠲᠠ ᠪᠠ ᠳᠡᠮᠵᠢᠯᠭᠡ ᠤᠯᠬᠤ ᠪᠠᠷ ᠴᠢᠷᠮᠠᠶᠢᠪᠠ᠃ ᠴᠢᠷᠮᠠᠶᠢᠯᠭ᠎ᠠ ᠪᠠᠷ ᠳᠠᠮᠵᠢᠨ᠂ ᠠᠷᠠᠳ ᠣᠯᠠᠨ ᠡᠯ᠎ᠡ ᠰᠠᠯᠠᠭ᠎ᠠ ᠮᠥᠴᠢᠷ ᠤᠨ ᠬᠠᠪᠰᠤᠷᠤᠯᠭ᠎ᠠ ᠳᠤᠤᠷ᠎ᠠ᠂ ᠵᠦᠶ ᠵᠣᠬᠢᠰ ᠦᠭᠡᠢ ᠦᠵᠡᠮᠵᠢ ᠶᠢᠨ ᠭᠠᠵᠠᠷ ᠪᠠ ᠬᠠᠤᠯᠢ ᠪᠤᠰᠤ ᠵᠠᠮ ᠤᠨ ᠠᠭᠤᠯᠵᠠᠷ ᠢ ᠨᠤᠷᠠᠭᠠᠬᠤ ᠶᠢ ᠵᠥᠪᠰᠢᠶᠡᠷᠡᠪᠡ᠃ ᠢᠩᠭᠢᠭᠡᠳ᠂ ᠲᠣᠰ ᠵᠠᠮ ᠤᠨ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠴᠡᠪᠡᠷᠯᠡᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠪᠠ᠃      ᠣᠶᠢᠯᠠᠭᠠᠭᠰᠠᠨ ᠢᠶᠠᠷ᠂ ᠯᠠᠪᠳᠠᠯᠢᠨ ᠶᠡᠭᠡ ᠠᠩᠭᠢ ᠪᠠᠶᠢᠭᠤᠯᠤᠭᠳᠠᠭᠰᠠᠨ ᠠᠴᠠ ᠨᠠᠭᠠᠰᠢ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠴᠢᠩᠭ᠎ᠠ ᠬᠠᠮᠢᠶᠠᠷᠴᠤ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠪᠡ᠃  ︵ᠴᠧᠨ ᠬᠦᠢ ᠯᠢᠩ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号