ᠣᠷᠳᠣᠰ ᠤᠨ ᠪᠠᠰᠠ ᠨᠢᠭᠡᠨ ᠵᠠᠰᠠᠮᠠᠯ ᠵᠠᠮ ᠤᠨ ᠲᠡᠭᠡᠭᠡᠪᠦᠷᠢ ᠶᠢᠨ ︽ᠭᠤᠤᠯ ᠰᠤᠳᠠᠰᠤ︾ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ  ᠲᠣᠰ ᠰᠠᠷ᠎ᠠ ᠶᠢᠨ ᠰᠡᠭᠦᠯᠴᠢ ᠪᠠᠷ ᠪᠥᠬᠦ ᠱᠤᠭᠤᠮ ᠢᠶᠠᠷ ᠲᠡᠷᠭᠡ ᠨᠡᠪᠲᠡᠷᠡᠨ᠎ᠡ
ᠨᠡᠶᠢᠲᠡᠯᠡᠭᠰᠡᠨ ᠴᠠᠭ᠄
2021/8/30
      8 ᠳ᠋ᠤᠭᠠᠷ ᠰᠠᠷ᠎ᠠ ᠶᠢᠨ 9 ᠤ ᠡᠳᠦᠷ᠂ 242 ᠤᠯᠤᠰ ᠤᠨ ᠵᠠᠮ ᠤᠨ ᠬᠦᠨᠴᠢᠷᠭ᠎ᠠ ᠠᠴᠠ ᠤᠯᠠᠭᠠᠨ ᠪᠠᠯᠭᠠᠰᠤ ᠬᠥᠷᠬᠦ ᠬᠡᠰᠡᠭ ᠤᠨ ᠬᠠᠮᠤᠭ ᠰᠡᠭᠦᠯ ᠤᠨ ᠨᠢᠭᠡ ᠬᠡᠰᠡᠭ ᠬᠠᠷ᠎ᠠ ᠦᠡᠭᠭᠡᠲᠦ ᠵᠠᠮ ᠤᠨ ᠭᠠᠳᠠᠷᠭᠤ ᠶᠢ ᠳᠡᠪᠢᠰᠴᠦ ᠳᠠᠭᠤᠰᠬᠠᠬᠤ ᠶᠢ ᠳᠠᠭᠠᠯᠳᠤᠨ᠂ 242 ᠤᠯᠤᠰ ᠤᠨ ᠵᠠᠮ ᠤᠨ ᠣᠷᠳᠣᠰ ᠤᠨ ᠬᠢᠯᠢ ᠳᠣᠲᠣᠷᠠᠬᠢ ᠭᠤᠤᠯ ᠴᠣᠭᠴᠠ ᠶᠢᠨ ᠪᠠᠷᠢᠯᠭ᠎ᠠ ᠪᠦᠬᠦᠨ ᠢᠶᠠᠷ ᠢᠶᠠᠨ ᠳᠠᠭᠤᠰᠤᠭᠰᠠᠨ ᠢ ᠬᠠᠷᠠᠭᠤᠯᠵᠤ᠂ ᠵᠢᠱᠢᠯᠲᠡ ᠪᠠᠷ ᠲᠣᠰ ᠰᠠᠷ᠎ᠠ ᠶᠢᠨ ᠰᠡᠭᠦᠯᠴᠢ ᠪᠠᠷ ᠪᠥᠬᠦ ᠱᠤᠭᠤᠮ ᠢᠶᠠᠷ ᠲᠡᠷᠭᠡ ᠨᠡᠪᠲᠡᠷᠡᠬᠦ ᠪᠣᠯᠤᠨ᠎ᠠ᠃ ᠲᠡᠷᠭᠡ ᠨᠡᠪᠲᠡᠷᠡᠭᠰᠡᠨ ᠤ ᠳᠠᠷᠠᠭ᠎ᠠ ᠵᠠᠮ ᠳᠠᠭᠠᠤ ᠭᠠᠵᠠᠷ ᠣᠷᠣᠨ ᠤ ᠡᠬᠢ ᠪᠠᠶᠠᠯᠢᠭ ᠤᠨ ᠨᠡᠭᠡᠭᠡᠯᠲᠡ ᠪᠠ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      242 ᠤᠯᠤᠰ ᠤᠨ ᠵᠠᠮ ᠤᠨ ᠬᠦᠨᠴᠢᠷᠭ᠎ᠠ ᠠᠴᠠ ᠤᠯᠠᠭᠠᠨ ᠪᠠᠯᠭᠠᠰᠤ ᠬᠥᠷᠬᠦ ᠬᠡᠰᠡᠭ ᠤᠨ ᠵᠠᠰᠠᠮᠠᠯ ᠵᠠᠮ ᠪᠣᠯ ︽ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ︾ ᠶᠢᠨ ︽47 ᠵᠤᠷᠪᠤᠰ ᠡᠮᠦᠨᠡᠲᠦ ᠤᠮᠠᠷᠠᠲᠤ ᠶᠢᠨ ᠭᠤᠯᠳᠤ ᠱᠤᠭᠤᠮ︾ ᠳᠣᠲᠣᠷᠠᠬᠢ ᠭᠠᠭᠴᠠᠮᠤᠳᠤ - ᠴᠢᠨ ᠵᠧᠤ ᠬᠥᠷᠬᠦ ᠶᠢᠨ ᠵᠠᠩᠭᠢᠯᠠᠭ᠎ᠠ ᠶᠢᠨ ᠪᠦᠷᠢᠯᠳᠦᠬᠦᠨ ᠬᠡᠰᠡᠭ ᠪᠣᠯᠤᠨ᠎ᠠ᠃      ᠲᠥᠷᠥᠯ ᠵᠦᠢᠯ ᠤᠨ ᠡᠬᠢᠯᠡᠯᠲᠡ ᠶᠢᠨ ᠴᠡᠭ ᠨᠢ ᠬᠠᠩᠭᠢᠨ ᠬᠤᠰᠢᠭᠤ ᠪᠣᠯᠤᠨ ᠣᠲᠤᠭ ᠬᠤᠰᠢᠭᠤᠨ ᠤ ᠠᠭᠤᠯᠵᠠᠷ ᠭᠠᠵᠠᠷ ᠤᠨ ᠬᠦᠨᠴᠢᠷᠭ᠎ᠠ ᠶᠢᠨ ᠬᠤᠶᠢᠨ᠎ᠠ ᠪᠠᠶᠢᠷᠢᠯᠡᠵᠦ᠂ 242 ᠤᠯᠤᠰ ᠤᠨ ᠵᠠᠮ ᠤᠨ ᠯᠢᠨᠾᠧ ᠶᠢᠨ ᠬᠠᠲᠤᠨ ᠭᠤᠤᠯ ᠤᠨ ᠶᠡᠭᠡ ᠬᠥᠭᠦᠷᠭᠡ ᠠᠴᠠ ᠬᠦᠨᠴᠢᠷᠭ᠎ᠠ ᠬᠥᠷᠬᠦ ᠬᠡᠰᠡᠭ ᠤᠨ ᠵᠠᠰᠠᠮᠠᠯ ᠵᠠᠮ ᠳᠠᠭᠠᠤ ᠵᠠᠯᠭᠠᠯᠳᠤᠵᠤ᠂ ᠳᠡᠭᠦᠰᠭᠡᠯ ᠤᠨ ᠴᠡᠭ ᠨᠢ ᠤᠯᠠᠭᠠᠨ ᠪᠠᠯᠭᠠᠰᠤᠨ ᠤ ᠵᠡᠭᠦᠨᠳᠡᠬᠢ ᠬᠤᠲᠠ ᠶᠢ ᠲᠣᠭᠤᠷᠢᠭᠰᠠᠨ ᠵᠠᠰᠠᠮᠠᠯ ᠵᠠᠮ ᠤᠨ ᠠᠭᠤᠯᠵᠠᠷ ᠭᠠᠵᠠᠷ ᠲᠤ ᠪᠠᠶᠢᠷᠢᠯᠡᠵᠦ᠂ ᠲᠥᠷᠥᠯ ᠵᠦᠢᠯ ᠤᠨ ᠵᠠᠮ ᠰᠤᠭᠤᠮ ᠤᠨ ᠪᠥᠬᠦ ᠣᠷᠳᠣ ᠨᠢ 93 ᠺᠢᠯᠣᠮᠧᠲᠷ ᠪᠠᠶᠢᠵᠤ᠂ ᠡᠭᠦᠨ ᠳᠤ 12 ᠺᠢᠯᠣᠮᠧᠲᠷ ᠵᠠᠮ ᠢ ᠪᠦᠷᠢᠮᠦᠰᠦᠨ ᠠᠰᠢᠭᠯᠠᠵᠤ᠂ ᠪᠣᠳᠠᠲᠠᠶ ᠪᠥᠲᠥᠭᠡᠨ ᠪᠠᠶᠢᠭᠤᠯᠤᠭᠰᠠᠨ ᠵᠠᠮ ᠤᠨ ᠣᠷᠳᠣ ᠨᠢ 81 ᠺᠢᠯᠣᠮᠧᠲᠷ ᠪᠠᠶᠢᠵᠤ᠂ ᠵᠠᠮ ᠱᠤᠭᠤᠮ ᠤᠨ ᠶᠡᠷᠦᠩᠬᠡᠶ ᠬᠠᠨᠳᠤᠰᠢ ᠨᠢ ᠤᠮᠠᠷ᠎ᠠ ᠠᠴᠠ ᠡᠮᠦᠨᠡᠰᠢ ᠪᠤᠯᠤᠨ᠎ᠠ᠃      ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠨᠢ ᠣᠷᠳᠣᠰ ᠬᠤᠲᠠ ᠶᠢᠨ ᠵᠠᠰᠠᠮᠠᠯ ᠵᠠᠮ ᠤᠨ ᠲᠤᠤᠷ ᠢ ᠲᠡᠭᠦᠯᠳᠡᠷᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ 242 ᠤᠯᠤᠰ ᠤᠨ ᠵᠠᠮ ᠤᠨ ᠬᠠᠩᠭᠢᠨ ᠬᠤᠰᠢᠭᠤᠨ ᠳᠠᠬᠢ ᠬᠡᠰᠡᠭ᠂ ᠦᠦᠰᠢᠨ ᠬᠤᠰᠢᠭᠤᠨ ᠳᠠᠬᠢ ᠬᠡᠰᠡᠭ ᠲᠠᠢ ᠬᠠᠮᠲᠤ ᠪᠠᠷ ᠣᠷᠳᠣᠰ ᠬᠤᠲᠠ ᠶᠢᠨ ᠤᠮᠠᠷᠠᠰᠢ ᠪᠠᠨ ᠪᠠᠶᠠᠨᠨᠠᠭᠤᠷ ᠬᠤᠲᠠ ᠲᠠᠢ ᠵᠠᠯᠭᠠᠯᠳᠤᠬᠤ᠂ ᠡᠮᠦᠨᠡᠰᠢ ᠪᠠᠨ ᠱᠠᠨᠰᠢ ᠮᠤᠵᠢ ᠲᠠᠢ ᠬᠤᠯᠪᠦᠯᠳᠤᠬᠤ ᠴᠢᠬᠤᠯᠠ ︽ᠬᠤᠲᠠ ᠠᠴᠠ ᠭᠠᠷᠴᠤ ᠤᠷᠤᠨ ᠠᠴᠠ ᠭᠠᠷᠬᠤ︾ ᠨᠡᠪᠲᠡᠷᠡᠬᠦ ᠵᠠᠮ ᠢ ᠪᠦᠷᠢᠯᠳᠦᠭᠦᠯᠵᠦ᠂ ᠣᠷᠳᠣᠰ ᠬᠤᠲᠠ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠡᠮᠦᠨᠡᠲᠦ ᠤᠮᠠᠷᠠᠲᠦ ᠶᠢᠨ ᠨᠡᠪᠲᠡᠷᠡᠬᠦ ᠵᠠᠮ ᠤᠨ ᠪᠠᠰᠠ ᠨᠢᠭᠡᠨ ︽ᠭᠤᠤᠯ ᠰᠤᠳᠠᠰᠤ ︾ ᠪᠣᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号