ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠶᠢᠨ ᠬᠢᠨ ︽ᠪᠢ ᠪᠣᠯ ᠨᠠᠮ ᠤᠨ ᠭᠡᠰᠢᠭᠦᠨ᠂ ᠪᠢ ᠲᠠᠨ ᠢ ᠬᠠᠪᠰᠤᠷᠤᠶ᠎ᠠ︾ ᠨᠡᠶᠢᠭᠡᠮ ᠲᠣᠭᠤᠷᠢᠭ ᠲᠤ ᠣᠷᠣᠵᠤ ᠰᠢᠷᠠᠯᠵᠢ ᠡᠪᠡᠰᠦ ᠦᠭᠲᠡᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/1
     ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠶᠢᠨ ᠠᠷᠠᠳ ᠢ ᠬᠠᠪᠰᠤᠷᠤᠨ ᠬᠠᠷᠰᠢᠮᠠᠲᠠᠭᠠᠶ ᠠᠰᠠᠭᠤᠳᠠᠯ ᠢ ᠨᠢ ᠨᠠᠮᠳᠠᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 27 ᠤ ᠦᠳᠡ ᠶᠢᠨ ᠬᠤᠶᠢᠨ᠎ᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠠᠩ ᠠᠴᠠ ᠲᠡᠷᠢᠭᠦᠯᠡᠵᠦ᠂ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠦᠳᠦᠭᠡᠨ ᠪᠠᠶᠢᠭᠤᠯᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ  ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠬᠢ ᠵᠢᠴᠢ ᠴᠠᠩ ᠵᠢᠶᠧ ᠺᠣᠮᠫᠠᠨᠢ ᠵᠡᠷᠭᠡ ᠭᠠᠵᠠᠷ ᠲᠠᠰᠤᠭ ᠨᠢᠭᠡᠴᠢ ᠶᠢᠨ 40 ᠭᠠᠷᠤᠢ ᠨᠠᠮ ᠤᠨ ᠭᠡᠰᠢᠭᠦᠨ ᠺᠠᠳ᠋ᠷ ᠰᠠᠨ ᠯᠢ ᠶᠢᠩ ᠤᠨ ᠪᠠᠷᠠᠭᠤᠨ ᠬᠡᠰᠡᠭ ᠤᠨ ᠨᠡᠶᠢᠭᠡᠮ ᠲᠣᠭᠤᠷᠢᠭ ᠲᠤ ᠬᠦᠷᠴᠦ ︽ᠪᠢ ᠪᠣᠯ ᠨᠠᠮ ᠤᠨ ᠭᠡᠰᠢᠭᠦᠨ ᠪᠢ ᠲᠠᠨ ᠢ ᠬᠠᠪᠰᠤᠷᠤᠶ᠎ᠠ︾ ᠭᠡᠬᠦ ᠨᠡᠶᠢᠭᠡᠮ ᠲᠣᠭᠤᠷᠢᠭ ᠲᠤ ᠬᠦᠷᠴᠦ ᠰᠢᠷᠠᠯᠵᠢ ᠡᠪᠡᠰᠦ ᠶᠢ ᠦᠭᠲᠡᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ︽ᠣᠷᠣᠨ ᠪᠦᠰᠡ ᠪᠠᠷ ᠬᠠᠷᠢᠭᠤᠴᠠᠬᠤ᠂ ᠬᠡᠰᠡᠭ ᠬᠤᠪᠢᠶᠠᠨ ᠠᠵᠢᠯᠯᠠᠬᠤ᠂ ᠴᠡᠭ ᠲᠣᠭᠲᠠᠭᠠᠨ ᠴᠡᠪᠡᠷᠯᠡᠬᠦ︾ ᠠᠵᠢᠯ ᠤᠨ ᠵᠠᠭᠪᠤᠷ ᠢᠶᠠᠷ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠵᠤ᠂ ᠡᠷᠴᠢ ᠵᠣᠷᠢᠭ ᠲᠡᠭᠦᠯᠳᠡᠷ ᠪᠠᠶᠢᠵᠤ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ︽ᠨᠢᠭᠡ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠢᠭᠡ ᠲᠠᠯ᠎ᠠ ᠪᠠᠷ ᠴᠡᠪᠡᠷᠯᠡᠬᠦ︾ ᠬᠡᠪᠢᠰ ᠤᠨ ᠬᠡᠯᠪᠡᠷᠢ ᠪᠠᠷ ᠴᠡᠪᠡᠷᠯᠡᠨ ᠠᠷᠢᠯᠭᠠᠬᠤ ᠠᠵᠢᠯ ᠢ ᠥᠷᠨᠢᠭᠦᠯᠵᠦ᠂ ᠳᠠᠷᠦ᠋ᠢᠬᠠᠨ ᠴᠡᠪᠡᠷᠯᠡᠨ ᠳᠠᠷᠦ᠋ᠢᠬᠠᠨ ᠵᠥᠭᠡᠭᠡᠪᠦᠷᠢᠯᠡᠬᠦ ᠶᠢ ᠪᠡᠶᠡᠯᠡᠭᠦᠯᠵᠡᠢ᠃ ᠨᠢᠭᠡ ᠦᠳᠡ ᠶᠢᠨ ᠬᠤᠶᠢᠨ᠎ᠠ ᠶᠢᠨ ᠰᠢᠷᠠᠯᠵᠢ ᠡᠪᠡᠰᠦ ᠠᠷᠢᠯᠭᠠᠬᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠣᠷᠴᠢᠨ ᠠᠬᠤᠶ ᠶᠢ ᠪᠦᠲᠦᠮᠵᠢᠲᠡᠶ ᠪᠠᠷ ᠰᠠᠶᠢᠵᠢᠷᠠᠭᠤᠯᠵᠤ ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃
   
     ᠰᠢᠷᠠᠯᠵᠢ ᠡᠪᠡᠰᠦ ᠶᠢ ᠠᠷᠢᠯᠭᠠᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠬᠠᠮᠢᠶ᠎ᠠ ᠪᠦᠬᠦᠢ ᠨᠥᠬᠦᠳ ᠰᠠᠨ ᠯᠢ ᠶᠢᠩ ᠤᠨ ᠪᠠᠷᠠᠭᠤᠨ ᠬᠡᠰᠡᠭ ᠤᠨ ᠨᠡᠶᠢᠭᠡᠮ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠴᠠᠩ ᠵᠢᠶᠧ ᠺᠣᠮᠫᠠᠨᠢ ᠪᠣᠯᠤᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠬᠤ ᠠᠵᠢᠯ ᠳᠤ ᠱᠠᠭᠠᠷᠳᠠᠯᠭ᠎ᠠ ᠳᠤᠷᠠᠳᠴᠠᠢ᠃
     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠠᠵᠢᠯ ᠤᠨ ᠲᠣᠭᠤᠷᠢᠨ ᠳᠤ᠂ ︽ᠪᠢ ᠲᠠᠨ ᠢ ᠬᠠᠪᠰᠤᠷᠬᠤ︾ ᠰᠢᠷᠢᠰ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ︵ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠡᠬᠡ ᠪᠢᠴᠢᠭ ᠬᠠᠩᠭᠠᠪᠠ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号