ᠥᠪᠥᠷ ᠮᠣᠩᠭᠤᠯ ᠤᠨ ᠳᠡᠭᠡᠳᠦ ᠲᠠᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2021/9/10
     ᠣᠶᠢᠷ᠎ᠠ ᠳᠤ᠂ ᠥᠪᠥᠷ ᠮᠣᠩᠭᠤᠯ ᠤᠨ ᠳᠡᠭᠡᠳᠦ ᠲᠠᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠺᠣᠮᠫᠠᠨᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠺᠣᠮᠫᠠᠨᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠡᠭᠦᠷᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠵᠤ᠂ ᠠᠵᠢᠯ ᠲᠥᠷᠥᠯ ᠤᠨ ᠲᠥᠪ ᠭᠤᠤᠯᠴᠢ ᠥᠷᠢᠰᠥᠯᠳᠦᠭᠡᠨ ᠢ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠪᠡ᠃        ᠬᠤᠷᠠᠯ ᠠᠴᠠ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠪᠣᠯᠤᠨ ᠤᠯᠤᠰ ᠲᠦᠷᠦ ᠶᠢᠨ ᠰᠢᠨᠵᠢ ᠴᠢᠨᠠᠷ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠲᠥᠪ ᠪᠣᠯᠭᠠᠵᠤ᠂ ᠬᠦᠯᠢᠶᠡᠨ ᠠᠪᠬᠤ ᠠᠵᠢᠯ ᠢ ᠰᠠᠨᠠᠭᠠᠴᠢᠯᠠᠭ᠎ᠠ ᠠᠴᠠ ᠪᠠᠨ ᠤᠬᠠᠭᠠᠯᠠᠨ ᠲᠦᠯᠦᠪᠯᠡᠬᠦ ᠬᠡᠷᠡᠭᠲᠡᠢ︔ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠠᠵᠢᠯ ᠤᠨ ᠬᠦᠴᠦᠯᠡᠬᠦ ᠴᠡᠭ ᠢᠶᠠᠨ ᠺᠣᠮᠫᠠᠨᠢ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠪᠠ ᠤᠯᠤᠰ ᠤᠨ ᠥᠮᠴᠢᠯᠡᠯ ᠤᠨ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠳᠤ ᠲᠠᠯᠪᠢᠵᠤ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ︔ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠺᠣᠮᠫᠠᠨᠢ ᠶᠢᠨ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠥᠰᠦᠯ︾ ᠪᠣᠯᠤᠨ ︽ᠴᠢᠬᠤᠯᠠ ᠡᠭᠦᠷᠭᠡ ᠶᠢ ᠵᠠᠳᠠᠯᠤᠭᠰᠠᠨ ᠡᠬᠡ ᠲᠠᠩᠰᠠ︾ ᠲᠠᠢ ᠬᠠᠷᠭᠤᠭᠤᠯᠵᠤ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠪᠦᠷᠢᠨ ᠪᠦᠲᠦᠨ ᠨᠠᠶᠢᠳᠠᠪᠤᠷᠢᠵᠢᠭᠤᠯᠬᠤ ᠠᠷᠭ᠎ᠠ ᠶᠢ ᠪᠦᠷᠢᠯᠳᠦᠭᠦᠯᠵᠦ᠂ ᠴᠠᠭ ᠲᠤᠬᠠᠶ ᠳᠤ ᠨᠢ ᠮᠥᠷᠳᠡᠨ ᠱᠠᠯᠠᠪᠳᠠᠭᠤᠯᠵᠤ᠂ ᠺᠣᠮᠫᠠᠨᠢ ᠶᠢᠨ ᠬᠢᠨᠠᠨ ᠰᠢᠯᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠵᠢᠯ ᠤᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠬᠡᠷᠡᠭᠲᠡᠶ︔ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠺᠣᠮᠫᠠᠨᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠴᠤᠪᠦᠷᠠᠯ ᠨᠢ ᠨᠡᠩ ᠰᠢᠯᠢᠳᠡᠭ᠂ ᠦᠷ᠎ᠡ ᠪᠦᠲᠦᠮᠵᠢ ᠨᠢ ᠨᠡᠩ ᠥᠨᠳᠥᠷ᠂ ᠦᠢᠯᠡᠴᠢᠯᠡᠭᠡ ᠨᠢ ᠨᠡᠩ ᠰᠠᠶᠢᠨ ᠲᠡᠷᠢᠭᠦᠨ ᠤ ᠠᠵᠤ ᠠᠬᠤᠶᠢᠯᠠᠯ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠲᠣᠰ ᠺᠣᠮᠫᠠᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠬᠠᠮᠢᠶ᠎ᠠ ᠪᠥᠬᠦᠶ ᠨᠢᠭᠡᠴᠢ ᠠᠴᠠ ᠲᠤᠬᠠᠶᠢᠯᠠᠭᠰᠠᠨ ᠠᠵᠢᠯ ᠤᠨ ᠬᠦᠷᠢᠶᠡᠨ ᠳᠤ ᠬᠤᠯᠪᠣᠭᠳᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠦᠢᠯᠡᠰ ᠤᠨ ᠦᠪᠡᠷ ᠢ ᠪᠠᠨ ᠪᠠᠶᠢᠴᠠᠭᠠᠬᠤ ᠶᠢ ᠢᠳᠡᠪᠬᠢᠲᠡᠶ ᠥᠷᠨᠢᠭᠦᠯᠵᠦ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠨᠠᠭᠠᠴᠢᠯᠠᠭ᠎ᠠ ᠠᠴᠠ ᠪᠠᠨ ᠠᠬᠢᠭᠤᠯᠤᠨ᠂ ᠠᠵᠢᠯ ᠤᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠨᠡᠯᠢᠶᠡᠳ ᠰᠠᠶᠢᠨ ᠦᠷ᠎ᠡ ᠪᠦᠲᠦᠮᠵᠢ ᠤᠯᠪᠠ᠃ ︵ᠯᠦᠸᠧ ᠵᠢᠶᠧ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号