ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ
ᠨᠡᠶᠢᠲᠡᠯᠡᠭᠰᠡᠨ ᠴᠠᠭ᠄
2021/9/10
     ᠯᠠᠪᠯᠠᠬᠤ ᠠᠭᠤᠯᠭ᠎ᠠ᠄ ᠮᠢᠨᠦ ᠠᠶᠤᠯᠲᠠᠢ ᠪᠣᠳᠠᠰ ᠤᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠶᠠᠭᠠᠬᠢᠭᠠᠳ ᠪᠦᠬᠦ ᠤᠯᠤᠰ ᠤᠨ ᠪᠠᠶᠢᠴᠠᠭᠠᠨ ᠯᠠᠪᠯᠠᠬᠤ ᠰᠢᠰᠲ᠋ᠧᠮ ᠳᠤ ᠡᠷᠢᠵᠦ ᠣᠯᠬᠤ ᠦᠭᠡᠢ ᠪᠤᠢ︖      ᠬᠠᠷᠢᠭᠤᠯᠲᠠ᠄ ᠨᠢᠭᠡᠨᠲᠡ ᠤᠲᠠᠰᠤ ᠪᠠᠷ ᠦᠭᠡ ᠦᠯᠡᠳᠡᠭᠡᠭᠰᠡᠨ ᠬᠦᠮᠦᠨ ᠳᠤ ᠮᠡᠳᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠢᠨᠲ᠋ᠧᠷ ᠰᠦᠯᠵᠢᠶᠡᠨ ᠤ ᠵᠠᠮ ᠲᠡᠭᠡᠭᠡᠪᠦᠷᠢ ᠶᠢᠨ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠨᠢᠭᠤᠷ ᠲᠤ ᠭᠠᠷᠴᠤ᠂ ᠵᠡᠭᠦᠨ ᠲᠠᠯ᠎ᠠ ᠶᠢᠨ ᠲᠣᠪᠶᠤᠭ ᠤᠨ ᠵᠢᠭᠰᠠᠭᠠᠯᠲᠠ ᠳᠠᠬᠢ ᠠᠵᠢᠯᠯᠠᠭᠰᠠᠳ ᠤᠨ ᠲᠥᠷᠥᠯ ᠵᠦᠶᠯ ᠢ ᠲᠣᠪᠴᠢᠳᠠᠪᠠᠯ᠂ ᠨᠢᠭᠤᠷ ᠤᠨ ᠪᠠᠷᠠᠭᠤᠨ ᠲᠠᠯ᠎ᠠ ᠶᠢᠨ ᠬᠡᠰᠡᠭ ᠲᠤ ᠳᠠᠷᠠᠭᠠᠯᠠᠨ ᠰᠣᠩᠭᠤᠵᠤ᠂ ᠪᠠᠶᠢᠴᠠᠭᠠᠨ ᠯᠠᠪᠯᠠᠬᠤ ᠠᠭᠤᠯᠭ᠎ᠠ ᠪᠠᠨ ᠣᠷᠣᠭᠤᠯᠤᠨ᠎ᠠ᠂ ᠡᠭᠦᠨ ᠳᠤ ᠮᠤᠵᠢ ᠣᠷᠤᠨ ᠤ ᠨᠡᠷᠡᠶᠢᠳᠦᠯ᠂ ᠣᠪᠣᠭ ᠨᠡᠷ᠎ᠡ᠂ ᠭᠡᠷᠡᠴᠢ ᠦᠨᠡᠮᠯᠡᠯ ᠤᠨ ᠨᠣᠮᠧᠷ ᠪᠠ ᠰᠢᠯᠭᠠᠨ ᠪᠠᠲᠤᠯᠠᠬᠤ ᠺᠣᠳ᠋ ᠢ ᠪᠠᠭᠲᠠᠭᠠᠨ᠎ᠠ᠂ ᠳᠠᠷᠠᠭ᠎ᠠ ᠨᠢ ᠪᠠᠶᠢᠴᠠᠭᠠᠨ ᠯᠠᠪᠯᠠᠬᠤ ᠶᠢ ᠲᠣᠪᠴᠢᠳᠠᠪᠠᠯ᠂ ᠰᠢᠰᠲ᠋ᠧᠮ ᠤᠨ ᠬᠢᠨ ᠬᠠᠭᠤᠳᠠᠰᠤᠨ ᠤ ᠳᠣᠤᠷ᠎ᠠ ᠲᠠᠯ᠎ᠠ ᠳᠤ ᠪᠠᠶᠢᠴᠠᠭᠠᠨ ᠯᠠᠪᠯᠠᠭᠰᠠᠨ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠳᠡᠯᠭᠡᠨ ᠦᠵᠡᠭᠦᠯᠦᠨ᠎ᠡ᠃ ᠦᠭᠡ ᠦᠯᠡᠳᠡᠭᠡᠭᠰᠡᠨ ᠬᠥᠮᠦᠨ ᠨᠢ ᠡᠨᠡ ᠠᠷᠭ᠎ᠠ ᠪᠠᠷ ᠥᠪᠡᠷ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠪᠠᠨ ᠪᠠᠶᠢᠴᠠᠭᠠᠵᠤ ᠣᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号