ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠡᠰᠡᠭ ᠬᠤᠲᠠ ᠳᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ | ᠴᠡᠭ ᠢ ᠥᠷᠨᠢᠭᠦᠯᠵᠦ᠂ ᠣᠷᠣᠨ ᠨᠤᠲᠤᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠶᠢ ᠳᠡᠮᠵᠢᠵᠦ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠡᠷᠴᠢᠮ ᠢ | ᠨᠡᠩ ᠴᠢᠩᠭᠠᠷᠠᠭᠤᠯᠬᠤ ᠬᠡᠷᠡᠭᠲᠡᠢ ᠭᠡᠵᠡᠢ᠃ | ︽ᠦᠨᠡᠲᠦ ᠲᠡᠮᠳᠡᠭᠲᠦ ᠪᠠ ᠬᠤᠭᠤᠴᠠᠭᠠᠲᠤ ᠪᠠᠷᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶ ᠶᠢᠨ | ᠬᠥᠮᠦᠨ ᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠡᠬᠡ ᠨᠤᠤᠷᠠᠭ︶︾ ᠶᠢ ᠪᠠᠲᠤᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 8 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠬᠤᠳᠠ ᠳᠤ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠬᠦ ᠲᠤᠬᠠᠢ | ᠪᠠᠶᠢᠷᠢᠯᠠᠭᠤᠯᠵᠤ᠂ ᠣᠷᠣᠨ ᠨᠤᠲᠤᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠶᠢ ᠳᠡᠮᠵᠢᠵᠦ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠡᠷᠴᠢᠮ ᠢ | ᠨᠡᠩ ᠴᠢᠩᠭᠠᠷᠠᠭᠤᠯᠬᠤ ᠬᠡᠷᠡᠭᠲᠡᠢ ᠭᠡᠵᠡᠢ︔ ︽ᠦᠨᠡᠲᠦ ᠲᠡᠮᠳᠡᠭᠲᠦ ᠪᠠ ᠬᠤᠭᠤᠴᠠᠭᠠᠲᠤ ᠪᠠᠷᠠᠭᠠᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠤᠬᠠᠶ ᠶᠢᠨ ᠬᠥᠮᠦᠨ ᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠡᠬᠡ ᠨᠤᠤᠷᠠᠭ︶︾ ᠶᠢ | ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ | ᠪᠦᠲᠦᠭᠡᠯᠴᠢ ᠬᠦᠴᠦᠨ ᠢ ᠬᠥᠭᠵᠢᠭᠡᠨ᠂ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ | ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠬᠤ ᠳᠤ ᠪᠠᠨ᠂ ︽ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠰᠠᠶᠢᠲᠤᠷ ᠬᠡᠷᠡᠭᠵᠢᠭᠦᠯᠵᠦ᠂ ᠪᠥᠬᠦ ᠤᠯᠤᠰ ᠲᠤ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ | ᠪᠣᠯᠭᠠᠬᠤ ᠶᠢ ᠠᠬᠢᠭᠤᠯᠬᠤ ᠶᠢᠨ ᠬᠠᠮᠲᠤ᠂ ᠪᠡᠭᠡᠵᠢᠩ᠂ ᠱᠠᠩᠬᠠᠶ᠂ ᠴᠦᠩᠴᠢᠩ᠂ ᠬᠠᠩᠵᠧᠦ᠂ ᠭᠤᠸᠠᠩᠵᠧᠦ᠂ ᠱᠧᠨᠵᠧᠨ | ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠬᠡᠮᠵᠢᠶ᠎ᠡ ᠪᠠᠷ ᠨᠡᠯᠢᠶᠡᠳ ᠤᠯᠠᠨ 6 ᠬᠤᠳᠠ ᠶᠢ ᠰᠣᠩᠭᠤᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠪᠠ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠲᠠᠢ ᠬᠠᠷᠢᠴᠠᠭᠤᠯᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠬᠦ ᠪᠠᠷ ᠲᠣᠭᠲᠠᠭᠠᠪᠠ᠃ | ᠨᠢᠭᠡ ᠳᠤ᠂ ᠣᠷᠣᠨ ᠪᠦᠰᠡ ᠶᠢᠨ ᠬᠡᠰᠡᠭᠯᠡᠯ ᠪᠠ ᠣᠷᠣᠨ ᠨᠤᠲᠤᠭ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠡᠪᠳᠡᠵᠦ᠂ | ᠨᠢᠭᠡᠳᠦᠯᠲᠡᠶ ᠪᠥᠭᠡᠳ ᠨᠡᠭᠡᠭᠡᠯᠲᠡᠲᠡᠶ᠂ ᠥᠷᠢᠰᠥᠯᠳᠦᠭᠡᠨ ᠲᠠᠢ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ | ᠲᠣᠭᠲᠠᠯᠴᠠᠭ᠎ᠠ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ | ᠡᠵᠡᠩᠨᠡᠬᠦ ᠳᠤ ᠵᠦᠢ ᠵᠤᠬᠢᠰ ᠦᠭᠡᠢ ᠬᠢᠵᠠᠭᠠᠷᠯᠠᠯ ᠢ ᠬᠦᠴᠦᠨ ᠦᠭᠡᠢ ᠪᠣᠯᠭᠠᠬᠤ ᠬᠡᠷᠡᠭᠲᠡᠢ᠃ ᠵᠠᠰᠠᠭ ᠤᠨ ᠣᠷᠳᠣᠨ ᠠᠴᠠ | ᠬᠤᠳᠠᠯᠳᠤᠨ ᠠᠪᠬᠤ ᠵᠡᠷᠭᠡ ᠬᠦᠷᠢᠶᠡᠨ ᠳᠠᠬᠢ ᠭᠠᠳᠠᠷ ᠣᠷᠣᠨ ᠤ ᠠᠵᠤ ᠠᠬᠤᠶᠢᠯᠠᠯ ᠳᠤ ᠠᠪᠬᠤ ᠲᠠᠯᠳᠠ ᠪᠠᠬᠢᠯᠡᠯᠲᠡ ᠶᠢ | ᠡᠪᠳᠡᠬᠦ ᠬᠡᠷᠡᠭᠲᠡᠢ᠃ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢᠨ 7 ᠲᠥᠷᠥᠯ ᠤᠨ ᠡᠯᠧᠺᠲᠷᠣᠨ ᠭᠡᠷᠡᠴᠢ | ᠦᠨᠡᠮᠯᠡᠯ ᠤᠨ ᠣᠷᠣᠨ ᠪᠦᠰᠡ ᠠᠯᠤᠰᠯᠠᠨ ᠬᠠᠷᠢᠯᠴᠠᠨ ᠮᠡᠳᠡᠷᠡᠬᠦ ᠪᠠ ᠬᠠᠷᠭᠤᠭᠤᠯᠤᠨ ᠪᠠᠶᠢᠴᠠᠭᠠᠬᠤ ᠶᠢ ᠠᠬᠢᠭᠤᠯᠬᠤ ᠬᠡᠷᠡᠭᠲᠡᠢ᠃ | ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠠ ᠤᠬᠤᠷᠢᠨ ᠭᠠᠷᠬᠤ ᠳᠤ | ᠤᠯᠠᠮ ᠨᠢᠭᠡ ᠠᠯᠬᠤᠮ ᠲᠦᠭᠦᠮ ᠦᠵᠡᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠭᠡᠷᠡᠴᠢ ᠦᠨᠡᠮᠯᠡᠯ ᠣᠯᠭᠤᠬᠤ ᠶᠢᠨ | ᠬᠠᠮᠲᠤ ᠡᠯᠧᠺᠲᠷᠣᠨ ᠡᠵᠡᠩᠨᠡᠯᠲᠡ ᠶᠢᠨ ᠭᠡᠷᠡᠴᠢ ᠦᠨᠡᠮᠯᠡᠯ ᠢ ᠵᠡᠷᠭᠡ ᠪᠠᠷ ᠣᠯᠭᠤᠵᠤ᠂ ᠠᠵᠤ ᠠᠬᠤᠶᠢᠯᠠᠯ ᠤᠨ ᠰᠦᠯᠵᠢᠶᠡᠨ | ᠳᠡᠭᠡᠷ᠎ᠡ ᠠᠵᠢᠯᠯᠠᠬᠤ ᠳᠤ ᠲᠥᠬᠦᠮ ᠦᠵᠡᠭᠦᠯᠬᠦ ᠬᠡᠷᠡᠭᠲᠡᠢ᠃ ᠪᠠᠩᠬᠢ ᠶᠢᠨ ᠳᠠᠩᠰᠠ ᠪᠠᠶᠢᠭᠤᠯᠬᠤ ᠳᠡᠰ ᠳᠠᠷᠠᠭᠠᠯᠠᠯ ᠢ | ᠴᠣᠮᠬᠠᠳᠬᠠᠵᠤ᠂ ᠳᠠᠩᠰᠠ ᠪᠠᠶᠢᠭᠤᠯᠬᠤ ᠴᠠᠭ ᠢ ᠪᠣᠭᠤᠨᠢᠰᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠨᠡᠶᠢᠭᠡᠮ ᠤᠨ ᠳᠠᠭᠠᠳᠬᠠᠯ᠂ ᠭᠠᠶᠢᠯᠢ ᠶᠢᠨ ᠶᠠᠪᠤᠳᠠᠯ ᠵᠡᠷᠭᠡ ᠶᠢᠨ ᠣᠨ ᠤ ᠮᠡᠳᠡᠭᠦᠯᠦᠯᠲᠡ ᠶᠢᠨ ︽ᠤᠯᠠᠨ ᠮᠡᠳᠡᠭᠦᠯᠦᠯᠲᠡ ᠶᠢ | ᠨᠢᠭᠡᠳᠬᠡᠬᠦ︾ ᠶᠢ ᠠᠬᠢᠭᠤᠯᠬᠤ ᠬᠡᠷᠡᠭᠲᠡᠢ᠃ ᠰᠢᠨ᠎ᠡ ᠡᠵᠡᠩᠨᠡᠯᠲᠡ ᠶᠢᠨ ᠪᠠᠶᠢᠳᠠᠯ ᠪᠠ ᠰᠢᠨ᠎ᠡ ᠵᠠᠭᠪᠤᠷ ᠤᠨ ᠬᠥᠭᠵᠢᠯᠲᠡ ᠳᠤ | ᠵᠣᠬᠢᠴᠠᠭᠰᠠᠨ ᠵᠥᠪᠰᠢᠶᠡᠷᠡᠨ ᠣᠷᠣᠭᠤᠯᠬᠤ ᠵᠥᠪᠰᠢᠶᠡᠷᠡᠨ ᠡᠵᠡᠩᠨᠡᠭᠦᠯᠬᠦ ᠪᠠᠷᠢᠮᠵᠢᠶ᠎ᠠ ᠶᠢ ᠬᠠᠶᠢᠨ ᠰᠦᠪᠡᠭᠴᠢᠯᠡᠬᠦ ᠬᠡᠷᠡᠭᠲᠡᠢ᠃ | ᠳᠠᠮᠫᠤᠷᠠᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠳᠠᠮᠫᠤᠷᠠᠯ ᠤᠨ ᠬᠠᠮᠢᠶᠠᠷᠤᠭᠴᠢ ᠠᠴᠠ | ᠬᠤᠯᠪᠣᠭᠳᠠᠯ ᠪᠦᠬᠦᠢ ᠪᠠᠶᠢᠭᠤᠯᠤᠮᠵᠢ ᠶᠢᠨ ᠡᠵᠡᠮᠰᠢᠭᠰᠡᠨ ᠳᠠᠮᠫᠤᠷᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠤᠯᠢ | ᠶᠣᠰᠣᠭᠠᠷ ᠪᠠᠶᠢᠴᠠᠭᠠᠨ ᠯᠠᠪᠯᠠᠬᠤ ᠶᠢ ᠵᠥᠪᠰᠢᠶᠡᠷᠡᠵᠦ᠂ ᠪᠢᠲᠡᠭᠦᠮᠵᠢᠯᠡᠭᠳᠡᠭᠰᠡᠨ ᠡᠳ᠋ ᠬᠦᠷᠦᠩᠭᠡ ᠶᠢ ᠰᠢᠢᠳᠪᠦᠷᠢᠯᠡᠬᠦ ᠳᠤ ᠪᠠᠨ | ᠪᠢᠲᠡᠭᠦᠮᠵᠢᠯᠡᠯ ᠠᠴᠠ ᠲᠠᠶᠢᠯᠬᠤ ᠭᠠᠷ ᠭᠦᠢᠴᠡᠳᠬᠡᠯ ᠢ ᠭᠦᠢᠴᠡᠳᠬᠡᠬᠦ ᠴᠢᠬᠤᠯᠠ ᠦᠭᠡᠢ᠃ ᠭᠤᠷᠪᠠ ᠳᠤ᠂ ᠪᠠᠯᠠ | ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠭᠠᠵᠠᠷ | ᠰᠢᠷᠣᠶ ᠬᠠᠩᠭᠠᠬᠤ ᠠᠴᠠ ᠡᠮᠦᠨ᠎ᠡ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠭᠠᠵᠠᠷ ᠬᠦᠷᠦᠰᠦᠨ ᠤ ᠭᠠᠶ ᠭᠠᠮᠰᠢᠭ᠂ | ᠤᠰᠤ ᠬᠥᠷᠥᠰᠥ ᠶᠢ ᠬᠠᠮᠠᠭᠠᠯᠠᠬᠤ ᠵᠡᠷᠭᠡ ᠠᠯᠢ ᠤᠯᠠᠨ ᠦᠨᠡᠯᠡᠨ ᠵᠢᠱᠢᠯᠲᠡ ᠶᠢ ᠥᠷᠨᠢᠭᠦᠯᠵᠦ᠂ ᠬᠠᠷᠢᠭᠤᠴᠠᠯᠭ᠎ᠠ ᠶᠢ | ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠭᠠᠵᠠᠷ ᠰᠢᠷᠣᠶ ᠣᠯᠣᠭᠰᠠᠨ ᠤ ᠲᠠᠷᠠᠭ᠎ᠠ ᠳᠠᠷᠤᠶ ᠳᠤ ᠨᠢ ᠠᠵᠢᠯ ᠢᠶᠠᠨ | ᠡᠬᠢᠯᠡᠭᠦᠯᠵᠦ ᠪᠣᠯᠤᠨ᠎ᠠ᠂ ᠳᠠᠪᠬᠤᠷᠳᠠᠭᠤᠯᠤᠨ ᠨᠤᠲᠠᠯᠠᠬᠤ ᠠᠵᠢᠯ ᠬᠢᠬᠦ ᠦᠭᠡᠢ᠃ ᠤᠰᠤ ᠴᠠᠬᠢᠯᠭᠠᠨ ᠰᠢᠲᠠᠮᠠᠬᠠᠢ ᠬᠡᠢ | ᠳᠤᠯᠠᠭᠠᠯᠠᠭ᠎ᠠ ᠵᠡᠷᠭᠡ ᠬᠤᠳᠠ ᠶᠢᠨ ᠶᠠᠪᠤᠳᠠᠯ ᠤᠨ ᠵᠠᠯᠭᠠᠨ ᠣᠷᠣᠭᠤᠯᠬᠤ ᠢᠨᠵᠧᠨᠧᠷᠢᠩ ᠤᠨ ᠠᠵᠢᠯ ᠢ ᠡᠬᠢᠯᠡᠭᠦᠯᠬᠦ | ᠵᠥᠪᠰᠢᠶᠡᠷᠡᠯ ᠳᠤ ᠮᠡᠳᠡᠭᠳᠡᠬᠦ ᠠᠮᠠᠯᠠᠯᠲᠠ ᠶᠢᠨ ᠬᠠᠮᠢᠶᠠᠷᠤᠯᠲᠠ ᠪᠠ ᠰᠦᠯᠵᠢᠶᠡᠨ ᠳᠡᠭᠡᠷ᠎ᠡ ᠨᠡᠶᠢᠯᠡᠭᠦᠯᠦᠨ ᠭᠦᠢᠴᠡᠳᠬᠡᠬᠦ ᠶᠢ | ᠬᠡᠷᠡᠭᠵᠢᠭᠦᠯᠬᠦ ᠬᠡᠷᠡᠭᠲᠡᠢ᠃ ᠲᠦᠷᠪᠡ ᠳᠤ᠂ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠡᠰᠡᠭ ᠴᠢᠬᠤᠯᠠ ᠠᠷᠠᠯᠵᠢᠶᠠᠨ ᠤ ᠬᠠᠨᠢᠲᠠᠨ ᠯᠤᠭ᠎ᠠ ᠶᠢᠨ ᠪᠣᠭᠤᠮᠲᠠ ᠶᠢᠨ ᠬᠤᠭᠤᠷᠣᠨᠳᠣᠬᠢ ᠬᠤᠯᠪᠣᠭᠳᠠᠯ ᠪᠥᠬᠦᠶ ᠬᠠᠭᠤᠳᠠᠰᠤ | ᠪᠠᠷᠢᠮᠲᠠ ᠶᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠠᠬᠢᠭᠤᠯᠬᠤ ᠬᠡᠷᠡᠭᠲᠡᠢ᠃ ᠰᠢᠶᠠᠩᠭᠠᠩ ᠣᠣᠮᠧᠨ ᠤ | ᠪᠡᠯᠡ ᠣᠷᠣᠭᠤᠯᠤᠭᠴᠢᠳ ᠤᠨ ᠬᠤᠳᠠᠯᠳᠤᠭᠠᠨ ᠤ ᠶᠠᠪᠤᠳᠠᠯ ᠤᠨ ᠳᠠᠩᠰᠠᠯᠠᠭᠤᠯᠬᠤ ᠭᠠᠷᠳᠠᠮ ᠢ ᠬᠢᠯᠪᠠᠷᠴᠢᠯᠠᠬᠤ ᠬᠡᠷᠡᠭᠲᠡᠢ᠃ | ᠤᠯᠠᠨ ᠤᠯᠤᠰ ᠤᠨ ᠠᠶᠠᠯᠠᠯ ᠤᠨ ᠣᠩᠭᠤᠴᠠ ᠶᠢᠨ ᠭᠠᠶᠢᠯᠢ ᠪᠠᠲᠤᠯᠠᠬᠤ ᠪᠠ ᠲᠤᠰᠤ ᠨᠡᠮᠡᠬᠦ ᠲᠤᠬᠠᠶᠢᠯᠠᠭᠰᠠᠨ ᠠᠵᠢᠯ | ᠥᠷᠨᠢᠭᠦᠯᠬᠦ ᠶᠢ ᠳᠡᠮᠵᠢᠬᠦ ᠬᠡᠷᠡᠭᠲᠡᠢ᠃ ᠲᠠᠪᠤ ᠳᠤ᠂ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠬᠦ ᠶᠢ ᠲᠡᠭᠦᠯᠳᠡᠷᠵᠢᠭᠦᠯᠬᠦ | ᠬᠡᠷᠡᠭᠲᠡᠢ᠃ ᠢᠳᠡᠭᠡᠨ ᠤ ᠵᠦᠢᠯ᠂ ᠡᠮ ᠤᠨ ᠵᠦᠢᠯ᠂ ᠸᠠᠺᠼᠢᠨ ᠤ ᠵᠦᠢᠯ᠂ ᠠᠮᠤᠷ ᠲᠦᠪᠰᠢᠨ ᠵᠡᠷᠭᠡ ᠠᠷᠠᠳ ᠤᠯᠠᠨ ᠤ ᠠᠮᠢ | ᠨᠠᠰᠤ ᠡᠷᠡᠭᠦᠯ ᠮᠡᠨᠳᠤ ᠳᠤ ᠬᠤᠯᠪᠣᠭᠳᠠᠬᠤ ᠬᠦᠷᠢᠶᠡᠨ ᠳᠤ ᠵᠠᠯᠬᠠᠭᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠲᠦᠷᠢᠮ ᠢ | ᠬᠡᠷᠡᠭᠵᠢᠭᠦᠯᠬᠦ ᠬᠡᠷᠡᠭᠲᠡᠢ᠃ ᠳᠤᠷ᠎ᠠ ᠪᠠᠷ ᠰᠦᠢᠳᠬᠡᠯ ᠬᠤᠷᠢᠶᠠᠬᠤ᠂ ᠳᠤᠷ᠎ᠠ ᠪᠠᠷ ᠵᠣᠭᠤᠰ ᠢᠶᠠᠷ ᠲᠣᠷᠭᠠᠬᠤ᠂ ᠳᠤᠷ᠎ᠠ ᠪᠠᠷ | ᠲᠡᠰᠬᠡᠨ ᠲᠠᠲᠠᠪᠤᠷᠢᠯᠠᠬᠤ ᠶᠢ ᠬᠤᠷᠢᠭᠯᠠᠨ ᠵᠣᠭᠰᠣᠭᠠᠬᠤ ᠤᠷᠳᠤ ᠬᠤᠭᠤᠴᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ ᠵᠠᠭᠤᠴᠢ ᠪᠠᠶᠢᠭᠤᠯᠤᠮᠵᠢ ᠶᠢᠨ ᠭᠠᠭᠴᠠᠭᠠᠷ ᠡᠵᠡᠮᠰᠢᠨ ᠡᠵᠡᠩᠨᠡᠬᠦ᠂ ᠠᠯᠪᠠᠳᠠᠯᠭ᠎ᠠ ᠪᠠᠷ ᠦᠢᠯᠡᠴᠢᠯᠡᠭᠡ ᠬᠠᠩᠭᠠᠬᠤ | ᠵᠡᠷᠭᠡ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠢᠷᠢ ᠴᠢᠳᠠᠮᠵᠢ ᠪᠠ ᠬᠢᠷᠢ ᠬᠡᠮ | ᠤᠯᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠡᠷᠬᠡ ᠠᠰᠢᠭ ᠢᠶᠠᠨ ᠬᠠᠮᠠᠭᠠᠯᠠᠬᠤ ᠵᠡᠷᠭᠡ ᠲᠠᠯ᠎ᠠ ᠶᠢᠨ | ᠵᠥᠷᠢᠶᠡᠴᠢᠯᠡᠭᠰᠡᠨ ᠬᠠᠷᠠᠭᠠᠯᠵᠠᠯ ᠢ ᠢᠯᠭᠠᠨ ᠴᠡᠪᠡᠷᠯᠡᠬᠦ ᠪᠠ ᠬᠦᠴᠦᠨ ᠦᠭᠡᠢ ᠪᠣᠯᠭᠠᠵᠤ᠂ ᠭᠤᠣᠯᠴᠢ ᠥᠷᠢᠰᠥᠯᠳᠦᠭᠡᠨ ᠢ | ᠬᠠᠮᠠᠭᠠᠯᠠᠬᠤ ᠬᠡᠷᠡᠭᠲᠡᠢ᠃ ᠵᠢᠷᠭᠤᠭ᠎ᠠ ᠳᠤ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠰᠢᠯᠢᠳᠡᠭᠵᠢᠭᠦᠯᠬᠦ | ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂ ᠲᠥᠯᠥᠪᠵᠢᠭᠦᠯᠭᠡ ᠶᠢᠨ ᠲᠣᠬᠢᠷᠠᠭᠤᠯᠤᠯᠲᠠ ᠵᠡᠷᠭᠡ ᠠᠴᠠ ᠪᠣᠯᠵᠣ | ᠠᠵᠤ ᠠᠬᠤᠶᠢᠯᠠᠯ ᠤᠨ ᠬᠠᠤᠯᠢ ᠶᠣᠰᠣᠨ ᠤ ᠠᠰᠢᠭ ᠲᠤᠰᠠ ᠳᠤ ᠬᠤᠬᠢᠷᠠᠯ ᠤᠴᠠᠷᠠᠭᠤᠯᠤᠭᠰᠠᠨ ᠨᠥᠬᠦᠪᠥᠷᠢ ᠲᠡᠳᠬᠦᠮᠵᠢ ᠶᠢᠨ | ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠦᠳᠡᠯᠦᠩᠭᠦᠢ ᠬᠦᠷᠦᠩᠭᠡ ᠪᠠ ᠡᠷᠬᠡ ᠶᠢᠨ ᠳᠠᠭᠠᠭᠠᠯᠲᠠ ᠶᠢ ᠨᠢᠭᠡᠳᠦᠯᠲᠡᠶ | ᠳᠠᠩᠰᠠᠯᠠᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠮᠡᠳᠡᠭᠡ ᠵᠠᠩᠭᠢ ᠶᠢᠨ ᠲᠥᠭᠵᠢᠷᠡᠯ ᠢ ᠲᠦᠷᠭᠡᠪᠴᠢᠯᠡᠨ ᠡᠪᠳᠡᠵᠦ᠂ | ᠰᠠᠯᠠᠭ᠎ᠠ ᠮᠥᠴᠢᠷ ᠪᠠ ᠣᠷᠣᠨ ᠨᠤᠲᠤᠭ ᠤᠨ ᠬᠤᠭᠤᠷᠣᠨᠳᠤ ᠪᠠᠨ ᠰᠢᠰᠲ᠋ᠧᠮ ᠢᠶᠠᠷ ᠬᠤᠯᠪᠣᠯᠳᠤᠨ ᠨᠡᠪᠲᠡᠷᠡᠯᠴᠡᠬᠦ ᠪᠠ ᠲᠤᠭ᠎ᠠ | ᠪᠠᠷᠢᠮᠲᠠ ᠶᠢ ᠬᠠᠮᠲᠤ ᠳᠤ ᠪᠠᠨ ᠬᠦᠷᠲᠡᠬᠦ ᠬᠡᠪᠴᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠯᠠᠨ | ᠭᠠᠵᠠᠷ ᠲᠤ ᠲᠠᠬᠢᠨ ᠳᠠᠪᠲᠠᠨ ᠮᠠᠲ᠋ᠧᠷᠢᠶᠠᠯ ᠲᠤᠰᠢᠶᠠᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠡᠩ ᠤᠯᠠᠨ | ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠬᠦ ᠶᠢ ᠠᠬᠢᠭᠤᠯᠬᠤ | ᠬᠡᠷᠡᠭᠲᠡᠢ ᠭᠡᠵᠡᠢ᠃ | ᠬᠦᠷᠦᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠵᠦ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ | ᠬᠠᠮᠠᠭᠠᠯᠠᠬᠤ ᠶᠢᠨ ᠲᠤᠰᠠᠳᠠ᠂ ᠬᠤᠷᠠᠯ ᠠᠴᠠ ︽ᠦᠨᠡᠲᠦ ᠲᠡᠮᠳᠡᠭᠲᠦ ᠪᠠ ᠬᠤᠭᠤᠴᠠᠭᠠᠲᠤ ᠪᠠᠷᠠᠭᠠᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠤᠬᠠᠢ ᠶᠢᠨ ᠬᠥᠮᠦᠨ ᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ ︵ᠡᠬᠡ ᠨᠣᠣᠷᠠᠭ︶︾ ᠶᠢ | ᠪᠠᠲᠤᠯᠠᠪᠠ᠃ ᠲᠥᠰᠦᠯ ᠨᠢ ᠦᠨᠡᠲᠦ ᠲᠡᠮᠳᠡᠭᠲᠦ ᠶᠢᠨ ᠬᠠᠤᠯᠢ ᠵᠡᠷᠭᠡ ᠬᠤᠯᠪᠣᠭᠳᠠᠯ ᠪᠦᠬᠦᠢ ᠲᠣᠭᠲᠠᠭᠠᠯ ᠲᠠᠢ | ᠵᠣᠯᠭᠠᠯᠳᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶ ᠶᠢᠨ ᠬᠥᠮᠦᠨ ᠤ ᠠᠮᠠᠯᠠᠯᠲᠠ ᠳᠤ ᠬᠠᠤᠯᠢ ᠶᠢ | ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢ ᠵᠠᠯᠠᠷᠠᠭᠤᠯᠬᠤ᠂ ᠪᠡᠯᠡ ᠣᠷᠣᠭᠤᠯᠤᠭᠴᠢ ᠶᠢᠨ ᠬᠤᠬᠢᠷᠠᠯ ᠢ ᠲᠦᠯᠦᠬᠦ ᠵᠡᠷᠭᠡ | ᠠᠷᠭ᠎ᠠ ᠬᠡᠮᠵᠢᠶ᠎ᠡ ᠠᠪᠬᠤ ᠲᠤᠬᠠᠶ ᠲᠣᠭᠲᠠᠭᠠᠯ ᠭᠠᠷᠭᠠᠵᠤ᠂ ᠠᠮᠠᠯᠠᠯᠲᠠ ᠪᠠᠨ ᠭᠦᠢᠴᠡᠳᠬᠡᠭᠰᠡᠨ ᠦᠭᠡᠢ ᠲᠤᠬᠠᠶ ᠶᠢᠨ | ᠬᠥᠮᠦᠨ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ | ᠴᠠᠭ ᠲᠤᠬᠠᠶ ᠳᠤ ᠨᠢ ᠬᠠᠤᠯᠢ ᠲᠣᠭᠲᠠᠭᠠᠯ ᠶᠣᠰᠣᠭᠠᠷ ᠪᠡᠯᠡ ᠣᠷᠣᠭᠤᠯᠤᠭᠴᠢ ᠶᠢᠨ ᠬᠤᠬᠢᠷᠠᠯ ᠳᠤ ᠵᠦᠢ ᠵᠣᠬᠢᠰᠲᠠᠶ | ᠨᠥᠬᠦᠪᠥᠷᠢ ᠥᠭᠬᠦ ᠪᠠᠷ ᠲᠣᠭᠲᠠᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |