ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠰᠦᠢᠳᠭᠡᠯ ᠲᠤᠰᠢᠶᠠᠬᠤ ᠬᠡᠯᠪᠡᠷᠢ ᠨᠢ ᠣᠯᠠᠨ ᠶᠠᠩᠵᠤ ᠶᠢᠨ ᠪᠠᠶᠢᠵᠤ ᠲᠦᠷᠭᠡᠨ ᠨᠡᠪᠲᠡᠷᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/9/13
     ᠡᠨᠡ ᠵᠢᠯ ᠠᠴᠠ ᠨᠠᠭᠠᠰᠢ᠂ ᠤᠷᠳᠤᠰ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠶᠢᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠪᠢ ᠤᠯᠠᠨ ᠲᠦᠮᠡᠨ ᠳᠤ ᠪᠤᠲᠠᠲᠦ ᠶᠠᠪᠤᠳᠠᠯ ᠬᠢᠵᠦ ᠦᠭᠬᠦ ︾ ᠭᠡᠬᠦ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠭᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠪᠠᠴᠢᠮ ᠬᠦᠴᠢᠷ ᠵᠣᠪᠠᠭᠤᠷᠢ ᠲᠠᠢ ᠶᠠᠪᠤᠳᠠᠯ ᠪᠤᠯᠤᠨ ᠡᠮᠵᠡᠭ ᠲᠠᠢ᠂ ᠲᠦᠪᠡᠭ ᠲᠠᠢ᠂ ᠲᠦᠭᠵᠢᠷᠡᠯ ᠲᠠᠢ ᠠᠰᠠᠭᠤᠳᠠᠯ ᠢ ᠰᠢᠢᠳᠪᠦᠷᠢᠯᠡᠵᠦ᠂ ᠠᠷᠠᠳ ᠣᠯᠠᠨ ᠤ ᠬᠦᠷᠲᠡᠭᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃      ᠲᠣᠰ ᠲᠣᠪᠴᠢᠶ᠎ᠠ ᠨᠢ ᠰᠦᠢᠳᠭᠡᠯ ᠬᠤᠷᠢᠶᠠᠬᠤ ᠥᠷᠲᠡᠭᠡ ᠶᠢᠨ ᠲᠦᠷᠭᠡᠨ ᠨᠡᠪᠲᠡᠷᠡᠬᠦ ᠶᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠭᠦᠢᠴᠡᠳᠭᠡᠬᠦ ᠲᠡᠷᠢᠭᠦᠨ ᠪᠣᠳᠠᠲᠤ ᠶᠠᠪᠤᠳᠠᠯ ᠪᠣᠯᠭᠠᠵᠤ᠂ ᠪᠥᠬᠦ ᠬᠤᠲᠠ ᠶᠢᠨ 54 ᠵᠠᠰᠠᠮᠠᠯ ᠵᠠᠮ ᠤᠨ ᠰᠦᠢᠳᠭᠡᠯ ᠬᠤᠷᠢᠶᠠᠬᠤ ᠲᠥᠷᠥᠯ ᠵᠦᠢᠯ᠂ 127 ᠰᠦᠢᠳᠭᠡᠯ ᠬᠤᠷᠢᠶᠠᠬᠤ ᠥᠷᠲᠡᠭᠡ ᠶᠢᠨ ᠰᠦᠢᠳᠭᠡᠯ ᠬᠤᠷᠢᠶᠠᠬᠤ ᠠᠷᠭ᠎ᠠ ᠬᠡᠯᠪᠡᠷᠢ ᠶᠢ ᠪᠥᠬᠦ ᠲᠠᠯ᠎ᠠ ᠪᠠᠷ ᠤᠶᠢᠯᠭᠠᠵᠦ ᠵᠢᠭᠰᠠᠭᠠᠨ ᠪᠠᠶᠢᠴᠠᠭᠠᠵᠦ᠂ ︽ᠪᠡᠯᠡᠨ ᠵᠣᠭᠤᠰ + ETC + ᠸᠢᠴᠠᠲ + ᠲᠣᠭᠠᠴᠠᠭ᠎ᠠ ᠬᠢᠬᠦ ᠡᠷᠳᠡᠨᠢ︾ ᠶᠢᠨ ᠣᠯᠠᠨ ᠶᠠᠩᠵᠤ ᠶᠢᠨ ᠰᠦᠢᠳᠭᠡᠯ ᠲᠤᠰᠢᠶᠠᠬᠤ ᠬᠡᠯᠪᠡᠷᠢ ᠶᠢ ᠥᠷᠲᠡᠭᠡ ᠳᠠᠷᠠᠭᠠᠯᠠᠨ ᠳᠥᠯᠭᠢᠨ ᠠᠬᠢᠭᠤᠯᠪᠠ᠃ ᠪᠦᠬᠦᠶᠢᠯᠡ ᠰᠦᠢᠳᠭᠡᠯ ᠬᠤᠷᠢᠶᠠᠬᠤ ᠥᠷᠲᠡᠭᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠪᠲᠡᠷᠡᠬᠦ ᠰᠦᠢᠳᠭᠡᠯ ᠢ ᠪᠡᠯᠡᠨ ᠵᠣᠭᠤᠰ ᠪᠤᠰᠤ ᠪᠠᠷ ᠲᠣᠭᠠᠴᠠᠭ᠎ᠠ ᠬᠢᠬᠦ ᠶᠢ ᠡᠩ ᠲᠡᠷᠢᠭᠦᠨ ᠳᠤ ᠪᠡᠶᠡᠯᠡᠭᠦᠯᠵᠦ᠂ ᠰᠠᠭᠠᠳ ᠥᠬᠡᠶ ᠨᠡᠪᠲᠡᠷᠡᠬᠦ ᠲᠡᠷᠭᠡ ᠬᠥᠰᠬᠡ ᠶᠢ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠨᠢᠭᠡᠳᠬᠡᠨ᠂ ᠰᠠᠭᠠᠳ ᠥᠬᠡᠶ ᠨᠡᠪᠲᠡᠷᠡᠬᠦ ᠲᠡᠷᠭᠡ ᠬᠥᠰᠬᠡ ᠶᠢ ᠰᠢᠯᠭᠠᠨ ᠪᠠᠶᠢᠴᠠᠭᠠᠬᠤ ᠬᠤᠷᠳᠤᠴᠠ ᠶᠢ ᠲᠦᠷᠭᠡᠳᠭᠡᠪᠡ᠃      ᠣᠷᠳᠣᠰ ᠬᠤᠲᠠ ᠶᠢᠨ 24 ᠮᠤᠵᠢ ᠶᠢᠨ ᠵᠠᠮ ᠤᠨ ᠳ᠋ᠠ ᠯᠦ ᠠᠴᠠ ᠪᠠᠯᠭᠤᠨ ᠬᠥᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠬᠦ ᠱᠤᠭᠤᠮ ᠤᠨ ᠰᠦᠢᠳᠭᠡᠯ ᠬᠤᠷᠢᠶᠠᠬᠤ ᠥᠷᠲᠡᠭᠡ ᠳᠤ ETC᠂ ᠸᠢᠴᠠᠲ᠂ ᠲᠣᠭᠠᠴᠠᠭ᠎ᠠ ᠬᠢᠬᠦ ᠡᠷᠳᠡᠨᠢ ᠵᠡᠷᠭᠡ ᠣᠯᠠᠨ ᠬᠡᠯᠪᠡᠷᠢ ᠶᠢᠨ ᠰᠢᠯᠵᠢᠮᠡᠯ ᠲᠣᠭᠠᠴᠠᠭ᠎ᠠ ᠬᠢᠬᠦ ᠶᠢ ᠡᠩ ᠲᠡᠷᠢᠭᠦᠨ ᠳᠤ ᠪᠡᠶᠡᠯᠡᠭᠦᠯᠵᠦ᠂ ᠡᠨᠡ ᠵᠢᠯ ᠤᠨ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠥᠷᠨᠢᠭᠦᠯᠦᠭᠰᠡᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠬᠤᠲᠠ ᠶᠢᠨ ᠰᠦᠢᠳᠭᠡᠯ ᠬᠤᠷᠢᠶᠠᠬᠤ ᠥᠷᠲᠡᠭᠡ ᠶᠢᠨ ᠴᠢᠨᠠᠷ ᠰᠠᠶᠢᠲᠠᠶ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠠᠬᠢᠭᠤᠯᠵᠤ᠂ ᠨᠠᠭᠠᠰᠢ ᠴᠠᠭᠠᠰᠢ ᠶᠠᠪᠦᠬᠤ ᠣᠯᠠᠨ ᠲᠦᠮᠡᠨ ᠳᠤ ᠰᠠᠭᠠᠳ ᠥᠬᠡᠶ᠂ ᠠᠮᠦᠷ ᠠᠮᠤᠭᠤᠯᠠᠩ᠂ ᠲᠠᠭᠠᠯᠠᠮᠵᠢᠲᠠᠶ᠂ ᠭᠤᠶᠣ ᠰᠠᠶᠢᠬᠠᠨ᠂ ᠳᠥᠭᠦᠮ ᠳᠥᠲᠡ ᠨᠡᠪᠲᠡᠷᠡᠬᠦ ᠣᠷᠴᠢᠨ ᠠᠬᠤᠢ ᠶᠢ ᠪᠣᠶ ᠪᠤᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号