ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠠᠵᠢᠯ ᠡᠬᠢᠯᠡᠪᠡ
ᠨᠡᠶᠢᠲᠡᠯᠡᠭᠰᠡᠨ ᠴᠠᠭ᠄
2021/9/15
     ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ᠂ ᠡᠷᠢᠶᠡᠨ ᠠᠴᠠ ᠭᠤᠸᠠᠩᠵᠧᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠥᠷᠬᠦ ᠬᠠᠷᠢᠯᠴᠠᠭᠠᠨ ᠤ ᠱᠤᠭᠤᠮ — ᠠᠨ ᠶᠧ ᠠᠴᠠ ᠭᠦᠡᠭᠵᠦ ᠶᠢᠨ ᠳᠠᠯᠠᠩ ᠬᠦᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠠᠵᠢᠯ ᠡᠬᠢᠯᠡᠪᠡ᠂ ᠡᠨᠡ ᠨᠢ ᠠᠨ ᠶᠧ ᠠᠴᠠ ᠭᠦᠡᠭᠵᠦ ᠶᠢᠨ ᠳᠠᠯᠠᠩ ᠬᠦᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠵᠢᠩᠬᠢᠨᠢ ᠪᠠᠷ ᠪᠠᠷᠢᠯᠭ᠎ᠠ ᠡᠬᠢᠯᠡᠬᠦ ᠱᠠᠲᠤᠨ ᠳᠤ ᠣᠷᠣᠭᠰᠠᠨ ᠢ ᠬᠠᠷᠠᠭᠤᠯᠵᠤ ᠪᠣᠶ᠃      ᠣᠶᠢᠯᠠᠭᠠᠭᠰᠠᠨ ᠢᠶᠠᠷ᠂ ᠠᠨ ᠶᠧ ᠠᠴᠠ ᠭᠦᠡᠭᠵᠦ ᠶᠢᠨ ᠳᠠᠯᠠᠩ ᠬᠦᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠤᠤᠷ ᠤᠨ ︽ᠭᠤᠷᠪᠠᠨ ᠬᠥᠨᠳᠡᠯᠡᠨ︾ ᠤ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠬᠡᠰᠡᠭ ᠢ ᠬᠤᠯᠪᠣᠬᠤ ᠴᠢᠬᠤᠯᠠ ᠵᠠᠮ ᠬᠠᠷᠢᠯᠴᠠᠭᠠᠨ ᠤ ᠬᠤᠯᠪᠣᠭᠠᠰᠤ ᠮᠥᠨ᠃ ᠲᠥᠷᠥᠯ ᠵᠦᠢᠯ ᠤᠨ ᠡᠬᠢᠯᠡᠯᠲᠡ ᠶᠢᠨ ᠴᠡᠭ ᠨᠢ ᠰᠢᠯᠢ ᠶᠢᠨ ᠭᠤᠤᠯ ᠠᠶᠢᠮᠠᠭ ᠪᠣᠯᠤᠨ ᠤᠯᠠᠭᠠᠨᠴᠠᠪ ᠬᠤᠲᠠ ᠶᠢᠨ ᠠᠭᠤᠯᠵᠠᠷ ᠲᠠᠬᠢ ᠠᠨ ᠶᠧ ᠲᠣᠰᠬᠤᠨ ᠳᠤ ᠪᠠᠶᠢᠷᠢᠯᠠᠵᠦ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ ᠪᠠᠷ ᠥᠩᠭᠡᠷᠡᠵᠦ᠂ ᠰᠢᠯᠢ ᠶᠢᠨ ᠭᠤᠤᠯ ᠠᠶᠢᠮᠠᠭ ᠪᠣᠯᠤᠨ ᠤᠯᠠᠭᠠᠨᠬᠠᠳᠠ ᠬᠤᠲᠠ ᠶᠢᠨ ᠠᠭᠤᠯᠵᠠᠷ ᠲᠠᠬᠢ ᠭᠦᠩᠵᠦ ᠶᠢᠨ ᠳᠠᠯᠠᠩ ᠲᠣᠰᠬᠤᠨ ᠳᠤ ᠲᠡᠭᠦᠰᠴᠦ᠂ ᠪᠥᠲᠥᠭᠡᠨ ᠪᠠᠶᠢᠭᠤᠯᠤᠯᠲᠠ ᠶᠢᠨ ᠣᠷᠳᠣ ᠨᠢ 178.9 ᠺᠢᠯᠣᠮᠧᠲᠷ᠂ ᠬᠤᠤᠰ ᠴᠢᠭᠯᠡᠯᠲᠦ ᠳᠥᠷᠪᠡᠨ ᠲᠡᠷᠭᠡᠨ ᠵᠠᠮ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠵᠠᠮ ᠤᠨ ᠰᠠᠭᠤᠷᠢ ᠶᠢᠨ ᠥᠷᠭᠡᠨ ᠨᠢ 25.5 ᠮᠧᠲᠷ᠂ ᠲᠥᠯᠥᠪᠯᠡᠭᠰᠡᠨ ᠴᠠᠭ ᠤᠨ ᠬᠤᠷᠳᠤᠴᠠ ᠨᠢ 120 ᠺᠢᠯᠣᠮᠧᠲᠷ᠂ ᠬᠠᠮᠲᠤ ᠳᠤ ᠨᠢ 187 ᠺᠢᠯᠣᠮᠧᠲᠷ ᠤᠨ ᠲᠤᠰᠠᠯᠠᠬᠤ ᠵᠠᠮ ᠢ ᠵᠡᠷᠭᠡ ᠪᠠᠷ ᠪᠥᠲᠥᠭᠡᠨ ᠪᠠᠶᠢᠭᠤᠯᠵᠤ᠂ ᠲᠥᠰᠦᠪ ᠤᠨ ᠶᠡᠷᠦᠩᠬᠡᠶ ᠪᠠᠯᠠ ᠣᠷᠣᠭᠤᠯᠤᠯᠲᠠ ᠨᠢ 58.7 ᠳ᠋ᠦᠩᠰᠢᠭᠤᠷ ᠲᠦᠭᠦᠷᠢᠭ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠨᠢ 3 ᠵᠢᠯ ᠪᠣᠯᠤᠨ᠎ᠠ᠃ ︵ᠸᠠᠩ ᠵᠧᠨ ᠯᠢᠨ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号