ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠵᠢᠭᠰᠠᠭᠠᠨ ᠠᠷᠠᠴᠢᠯᠠᠬᠤ ᠨᠣᠷᠮ᠎ᠠ ᠨᠢ 100% ᠳᠤ ᠬᠥᠷᠪᠡ
ᠨᠡᠶᠢᠲᠡᠯᠡᠭᠰᠡᠨ ᠴᠠᠭ᠄
2021/9/15
     ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠨᠢᠭᠡᠴᠢ ᠶᠢᠨ ᠬᠢᠨ ᠪᠠᠯᠠ ᠮᠥᠩᠭᠦ ᠳᠤᠲᠠᠭᠳᠠᠬᠤ᠂ ᠲᠥᠬᠦᠭᠡᠷᠦᠮᠵᠢ ᠬᠠᠭᠤᠴᠢᠷᠠᠬᠤ᠂ ᠬᠥᠮᠦᠨ ᠨᠠᠰᠤᠵᠢᠬᠤ ᠵᠡᠷᠭᠡ ᠠᠯᠢ ᠣᠯᠠᠨ ᠬᠦᠴᠢᠷᠳᠡᠯ ᠢ ᠢᠯᠡᠨ ᠳᠠᠪᠠᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠬᠤᠰᠢᠭᠤᠨ ᠤ ᠵᠠᠰᠠᠭ ᠤᠨ ᠣᠷᠳᠣᠨ ᠤ ᠭᠤᠷᠪᠠᠨ ᠱᠠᠲᠤᠨ ᠤ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠳᠡᠮᠵᠢᠯᠭᠡ ᠳᠤ ᠲᠦᠰᠢᠭᠯᠡᠨ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯᠳᠠᠨ ᠡᠳ᠋ ᠪᠣᠳᠠᠰ ᠬᠦᠴᠦᠨ ᠤ ᠣᠷᠣᠭᠤᠯᠤᠯᠲᠠ ᠶᠢ ᠲᠦᠷᠭᠡᠳᠬᠡᠵᠦ᠂ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠭᠰᠠᠭᠠᠨ ᠠᠷᠠᠴᠢᠯᠠᠬᠤ ᠨᠣᠷᠮ᠎ᠠ ᠨᠢ 100% ᠳᠤ ᠬᠦᠷᠴᠦ᠂ ᠰᠢᠯᠢᠳᠡᠭ ᠵᠠᠮ ᠤᠨ ᠨᠣᠷᠮ᠎ᠠ ᠨᠢ 74% ᠬᠦᠷᠪᠡ᠃      ᠣᠳᠣᠬᠠᠨ ᠪᠣᠯᠲᠠᠯ᠎ᠠ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠨᠡᠶᠢᠲᠡ 200 ᠭᠠᠷᠤᠶ ᠲᠦᠮᠡᠨ ᠲᠥᠭᠦᠷᠢᠭ ᠣᠷᠣᠭᠤᠯᠵᠤ᠂ ᠪᠠᠷᠤᠭᠰᠢᠨ 700 ᠭᠠᠷᠤᠶ ᠲᠣᠨ᠂ ᠬᠠᠶᠢᠷ ᠴᠢᠯᠠᠭᠤ 2220 ᠪᠣᠰᠤᠭ᠎ᠠ ᠳᠥᠷᠪᠡᠯᠵᠢᠨ ᠮᠧᠲᠷ ᠬᠡᠷᠡᠭᠯᠡᠵᠦ᠂ 8 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ᠂ 19800 ᠤᠷᠳᠤᠳᠬᠠᠯ ᠮᠧᠲᠷ ᠴᠠᠷᠳᠠᠮᠠᠯ ᠵᠠᠮ ᠤᠨ ᠵᠠᠪᠰᠠᠷ ᠢ ᠴᠢᠳᠬᠤᠵᠦ᠂ 7249 ᠲᠡᠭᠰᠢ ᠳᠥᠷᠪᠡᠯᠵᠢᠨ ᠮᠧᠲᠷ ᠨᠦᠬᠡᠨ ᠬᠤᠪᠢᠯ ᠵᠢᠴᠢ ᠡᠪᠳᠡᠭᠳᠡᠭᠰᠡᠨ ᠴᠠᠷᠳᠠᠮᠠᠯ ᠵᠠᠮ᠂ 2789 ᠲᠡᠭᠰᠢ ᠳᠥᠷᠪᠡᠯᠵᠢᠨ ᠮᠧᠲᠷ ᠲᠡᠪᠡᠭᠡ ᠭᠦᠭᠡᠷᠦᠭᠰᠡᠨ ᠵᠠᠮ ᠤᠨ ᠭᠠᠳᠠᠷᠭᠤ ᠢ ᠰᠢᠢᠳᠪᠦᠷᠢᠯᠡᠵᠦ᠂ 2150 ᠪᠣᠰᠤᠭ᠎ᠠ ᠳᠥᠷᠪᠡᠯᠵᠢᠨ ᠮᠧᠲᠷ ᠤᠰᠤᠨ ᠳᠤ ᠡᠪᠳᠡᠭᠳᠡᠭᠰᠡᠨ ᠵᠠᠮ ᠤᠨ ᠰᠠᠭᠤᠷᠢ ᠶᠢ ᠰᠡᠯᠪᠢᠨ ᠵᠠᠰᠠᠪᠠ᠃ ᠠᠷᠠᠴᠢᠯᠠᠨ ᠬᠠᠮᠠᠭᠠᠯᠠᠬᠤ ᠠᠵᠢᠯᠲᠠᠨ ᠠᠴᠠ ᠨᠡᠶᠢᠲᠡ 8544 ᠺᠢᠯᠣᠮᠧᠲᠷ ᠵᠠᠮ ᠢ ᠴᠠᠭᠳᠠᠨ ᠪᠠᠶᠢᠴᠠᠭᠠᠵᠤ᠂ 340 ᠺᠢᠯᠣᠮᠧᠲᠷ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠪᠠ︔ ᠠᠷᠠᠴᠢᠯᠠᠨ ᠬᠠᠮᠠᠭᠠᠯᠠᠬᠤ ᠪᠠᠷᠢᠯᠭ᠎ᠠ ᠳᠤ 895 ᠲᠦᠮᠡᠨ ᠲᠥᠭᠦᠷᠢᠭ ᠤᠨ ᠪᠡᠯᠡ ᠣᠷᠣᠭᠤᠯᠵᠤ᠂ 065 ᠰᠢᠶᠠᠨ ᠤ ᠵᠠᠮ ᠤᠨ ᠪᠠᠲᠤᠬᠠᠭᠠᠯᠭ᠎ᠠ ᠠᠴᠠ ᠡᠯ ᠳ᠋ᠤᠤ ᠬᠤᠤ ᠬᠦᠷᠬᠦ 9 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠳᠤ ᠠᠷᠠᠴᠢᠯᠠᠨ ᠬᠠᠮᠠᠭᠠᠯᠠᠬᠤ ᠪᠠᠷᠢᠯᠭ᠎ᠠ ᠶᠢ ᠬᠡᠷᠡᠭᠵᠢᠭᠦᠯᠵᠦ᠂ ᠣᠳᠣᠬᠠᠨ ᠳᠤ ᠨᠢᠭᠡᠨᠲᠡ ᠪᠠᠷᠢᠯᠭ᠎ᠠ ᠶᠢᠨ ᠬᠡᠮᠵᠢᠶ᠎ᠡ ᠶᠢᠨ 70% ᠶᠢ ᠪᠡᠶᠡᠯᠡᠭᠦᠯᠪᠡ︔ ᠠᠮᠤᠷ ᠢ ᠬᠠᠮᠠᠭᠠᠯᠠᠬᠤ ᠪᠠᠷᠢᠯᠭ᠎ᠠ ᠳᠤ 119 ᠲᠦᠮᠡᠨ ᠲᠥᠭᠦᠷᠢᠭ ᠣᠷᠣᠭᠤᠯᠵᠤ᠂ 093 ᠰᠢᠶᠠᠨ ᠤ ᠵᠠᠮ ᠤᠨ ᠪᠠᠢ ᠱᠢ ᠲᠸᠦ ᠭᠧᠦ ᠠᠴᠠ ᠨᠠᠷᠠᠨᠪᠤᠯᠠᠭ ᠬᠦᠷᠬᠦ ᠵᠡᠷᠭᠡ 18 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠳᠤ ᠠᠮᠤᠷ ᠢ ᠬᠠᠮᠠᠭᠠᠯᠠᠬᠤ ᠪᠠᠷᠢᠯᠭ᠎ᠠ ᠶᠢ ᠬᠡᠷᠡᠭᠵᠢᠭᠦᠯᠵᠦ᠂ ᠨᠢᠭᠡᠨᠲᠡ 80% ᠶᠢᠨ ᠪᠠᠷᠢᠯᠭ᠎ᠠ ᠶᠢᠨ ᠬᠡᠮᠵᠢᠶ᠎ᠡ ᠶᠢ ᠪᠡᠶᠡᠯᠡᠭᠦᠯᠪᠡ᠃      ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠡᠵᠦ ᠪᠠᠶᠢᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ  ᠨᠢ᠂ 18000 ᠭᠠᠷᠤᠶ ᠲᠡᠭᠰᠢ ᠳᠥᠷᠪᠡᠯᠵᠢᠨ ᠺᠢᠯᠣᠮᠧᠲᠷ ᠥᠷᠭᠡᠨ ᠠᠭᠤᠳᠠᠮ ᠨᠤᠲᠤᠭ ᠳᠡᠪᠢᠰᠬᠡᠷ ᠲᠠᠢ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠪᠥᠲᠥᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠰᠠᠶᠢᠲᠤᠷ ᠡᠵᠡᠩᠨᠡᠬᠦ ᠨᠢ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠶᠤᠮ᠃ 2019 ᠣᠨ ᠳᠤ᠂ ᠲᠣᠰ ᠬᠤᠰᠢᠭᠤ ᠨᠢ ᠥᠪᠡᠷᠲᠡᠭᠡᠨ ᠵᠠᠰᠠᠬᠤ ᠣᠷᠣᠨ ᠪᠠ ᠪᠥᠬᠦ ᠤᠯᠤᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ︵ᠬᠤᠰᠢᠭᠤ︶ ᠢᠶᠠᠷ ᠦᠨᠡᠯᠡᠭᠳᠡᠪᠡ᠃ ᠣᠳᠣᠬᠠᠨ ᠳᠤ᠂ ᠲᠤᠰ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠨᠢ ᠨᠢᠭᠡᠨᠲᠡ 2478 ᠺᠢᠯᠣᠮᠧᠲᠷ ᠪᠠᠶᠢᠵᠤ᠂ ᠪᠦᠬᠦ ᠬᠤᠰᠢᠭᠤᠨ ᠤ ᠵᠠᠰᠠᠮᠠᠯ ᠵᠠᠮ ᠤᠨ ᠪᠦᠬᠦ ᠤᠷᠳᠤ ᠶᠢᠨ 80.3% ᠰᠢᠬᠠᠮ ᠢ ᠡᠵᠡᠯᠡᠵᠦ ᠪᠠᠶᠢᠨ᠎ᠠ᠃      ᠣᠶᠢᠷ᠎ᠠ ᠶᠢᠨ ᠵᠢᠯ ᠳᠤ᠂ ᠲᠣᠰ ᠬᠤᠰᠢᠭᠤ ᠨᠢ ᠬᠥᠳᠡᠭᠡ ᠲᠣᠰᠬᠤᠨ ᠤ ᠵᠠᠰᠠᠮᠠᠯ ᠵᠠᠮ ᠢ ᠲᠠᠰᠤᠷᠠᠯᠲᠠ ᠥᠬᠡᠶ ᠪᠥᠲᠥᠭᠡᠨ ᠪᠠᠶᠢᠭᠤᠯᠬᠤ ᠶᠢᠨ ᠬᠠᠮᠲᠤ᠂ ︽ᠰᠢᠶᠠᠨ ᠤ ᠵᠠᠮ ᠢ ᠰᠢᠶᠠᠨ ᠠᠷᠠᠴᠢᠯᠠᠵᠦ᠂ ᠬᠥᠳᠡᠭᠡ ᠲᠣᠰᠬᠤᠨ ᠤ ᠵᠠᠮ ᠢ ᠬᠥᠳᠡᠭᠡ ᠲᠣᠰᠬᠤᠨ ᠠᠷᠠᠴᠢᠯᠠᠬᠤ︾ ᠵᠠᠷᠴᠢᠮ ᠢ ᠦᠨᠳᠦᠰᠦᠯᠡᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢᠨ ᠳᠤᠮᠳᠠ ᠢᠯᠡᠷᠡᠭᠰᠡᠨ ᠱᠤᠭᠤᠮ ᠨᠢ ᠣᠷᠳᠣ ᠬᠡᠪᠴᠢᠶ᠎ᠡ ᠨᠢ ᠥᠷᠭᠡᠨ ᠰᠢᠨ᠎ᠡ ᠪᠠᠶᠢᠳᠠᠯ ᠳᠤ ᠵᠣᠬᠢᠴᠠᠭᠤᠯᠤᠨ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠡᠷᠬᠡ ᠮᠡᠳᠡᠯ ᠢ ᠴᠠᠭ ᠲᠤᠬᠠᠶ ᠳᠤ ᠨᠢ ᠰᠢᠯᠵᠢᠭᠦᠯᠦᠨ ᠲᠤᠰᠢᠶᠠᠵᠤ᠂ ᠬᠥᠳᠡᠭᠡ ᠲᠣᠰᠬᠤᠨ ᠤ ᠬᠤᠶᠠᠳᠤᠭᠠᠷ ᠳᠡᠰ ᠤᠨ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠥᠷᠲᠡᠭᠡ᠂ ᠭᠠᠵᠠᠷ ᠢ ᠲᠣᠰ ᠲᠣᠰ ᠪᠠᠶᠢᠭᠤᠯᠵᠤ᠂ ᠰᠢᠶᠠᠨ ᠰᠢᠶᠠᠩ ᠲᠣᠰᠬᠤᠨ ᠤ ᠭᠤᠷᠪᠠᠨ ᠱᠠᠲᠤᠨ ᠤ ︽ᠵᠠᠮ ᠤᠨ ᠳᠠᠷᠤᠭ᠎ᠠ ᠶᠢᠨ ᠲᠦᠷᠢᠮ︾ ᠢ ᠪᠠᠶᠢᠭᠤᠯᠪᠠ᠃ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠥᠩᠭᠡᠷᠡᠭᠰᠡᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠭᠠᠭᠴᠠᠭᠠᠷ ᠢᠶᠠᠨ ᠬᠢᠵᠦ ᠪᠠᠶᠢᠭᠰᠠᠨ ᠠᠴᠠ ᠪᠠᠨ᠂ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠠᠵᠢᠯ ᠲᠥᠷᠥᠯ ᠢᠶᠠᠷ ᠵᠢᠯᠣᠭᠤᠳᠬᠤ᠂ ᠱᠠᠲᠤ ᠬᠤᠪᠢᠶᠠᠨ ᠬᠠᠷᠢᠭᠤᠴᠠᠬᠤ᠂ ᠪᠦᠬᠦ ᠠᠷᠠᠳ ᠢᠶᠠᠷ ᠢᠶᠠᠨ ᠣᠷᠣᠯᠴᠠᠬᠤ︾ ᠰᠢᠨ᠎ᠡ ᠪᠠᠶᠢᠷᠢᠰᠢᠯ ᠪᠣᠯᠭᠠᠨ ᠬᠤᠪᠢᠷᠠᠭᠤᠯᠪᠠ᠃ ︵ᠴᠧᠨ ᠴᠢᠤᠸᠠᠨ ᠽᠸᠡᠭ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号