ᠥᠪᠥᠷ ᠮᠣᠩᠭᠤᠯ ᠤᠨ ᠠᠩᠬᠠᠳᠠᠭᠴᠢ ᠬᠤᠭᠤᠴᠠᠭᠠᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠪᠠ
ᠨᠡᠶᠢᠲᠡᠯᠡᠭᠰᠡᠨ ᠴᠠᠭ᠄
2021/9/15
     ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠣᠷᠤᠭᠤᠯᠬᠤ ᠠᠵᠢᠯ ᠢ ᠢᠳᠡᠪᠬᠢᠲᠡᠶ ᠥᠷᠨᠢᠭᠦᠯᠪᠡ᠃ ᠲᠤᠰᠬᠠᠶ ᠮᠡᠷᠭᠡᠵᠢᠯᠲᠡᠨ  ᠤ ᠬᠤᠶᠠᠷ ᠡᠭᠡᠯᠵᠢ ᠶᠢᠨ ᠦᠨᠡᠯᠡᠨ ᠵᠢᠱᠢᠯᠲᠡ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢᠨ ᠨᠡᠮᠡᠯᠲᠡ ᠮᠡᠳᠡᠭᠦᠯᠦᠯᠲᠡ᠂ ᠡᠳ᠋ ᠤᠨ ᠵᠠᠰᠠᠭ ᠤᠨ ᠶᠠᠮᠤᠨ ᠤ ᠬᠢᠨᠠᠨ ᠬᠠᠷᠭᠤᠭᠤᠯᠤᠯᠲᠠ ᠵᠡᠷᠭᠡ ᠭᠤᠭᠴᠤᠭ᠎ᠠ ᠪᠠᠷ ᠳᠠᠮᠵᠢᠭᠤᠯᠤᠨ᠂ 8 ᠳ᠋ᠤᠭᠠᠷ ᠰᠠᠷ᠎ᠠ ᠶᠢᠨ 17 ᠤ ᠡᠳᠦᠷ 2021 ᠣᠨ ᠤ ᠨᠢᠭᠡᠳᠦᠭᠡᠷ ᠬᠤᠭᠤᠴᠠᠭᠠᠨ ᠤ ᠰᠦᠶᠳᠬᠡᠯ ᠬᠤᠷᠢᠶᠠᠬᠤ ᠵᠠᠰᠠᠮᠠᠯ ᠵᠠᠮ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 36.2 ᠳ᠋ᠦᠩᠰᠢᠭᠤᠷ ᠲᠥᠭᠦᠷᠢᠭ ᠢ ᠠᠮᠵᠢᠯᠲᠠ ᠲᠠᠢ ᠲᠠᠷᠬᠠᠭᠠᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠨᠢ 16 ᠳ᠋ᠥᠩᠰᠢᠭᠤᠷ ᠲᠥᠭᠦᠷᠢᠭ᠂ ᠠᠶᠢᠮᠠᠭ ᠬᠤᠲᠠ ᠨᠢ 20.2 ᠳ᠋ᠦᠩᠰᠢᠭᠤᠷ ᠲᠥᠭᠦᠷᠢᠭ᠂ ᠪᠢᠯᠧᠲ ᠤᠨ ᠨᠢᠭᠤᠷ ᠤᠨ ᠬᠦᠦ ᠶᠢᠨ ᠨᠣᠷᠮ᠎ᠠ 3.13%᠂ ᠲᠠᠷᠬᠠᠭᠠᠬᠤ ᠬᠤᠭᠤᠴᠠᠭ᠎ᠠ ᠨᠢ 10 ᠵᠢᠯ ᠪᠣᠯᠤᠨ᠎ᠠ᠃      ᠣᠶᠢᠯᠠᠭᠠᠭᠰᠠᠨ ᠢᠶᠠᠷ᠂ ᠡᠲᠡᠭᠡᠷ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠭᠤᠤᠯᠳᠠᠭᠤ 25 ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ ᠡᠭᠦᠨ  ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠡᠶᠢᠲᠡ 7 ᠲᠥᠷᠥᠯ ᠵᠦᠶᠯ ᠳᠤ ᠬᠡᠷᠡᠭᠡᠯᠡᠵᠦ᠂ ᠡᠭᠦᠨ ᠳᠤ ᠡᠷᠢᠶᠡᠨ ᠠᠴᠠ ᠭᠤᠸᠠᠩᠵᠧᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠥᠷᠬᠦ ᠬᠠᠷᠢᠯᠴᠠᠭᠠᠨ ᠤ ᠱᠤᠭᠤᠮ ᠤᠨ ᠳ᠋ᠠᠪᠠᠨ ᠠᠴᠠ ᠠᠨ ᠶᠧ ᠬᠥᠷᠬᠦ ᠬᠡᠰᠡᠭ ᠨᠢ 5 ᠳ᠋ᠦᠩᠰᠢᠭᠤᠷ ᠲᠥᠭᠦᠷᠢᠭ᠂ ᠭᠦᠩᠵᠦ ᠶᠢᠨ ᠳᠠᠯᠠᠩ ᠠᠴᠠ ᠪᠢᠷᠠᠭᠤ ᠬᠥᠷᠬᠦ ᠬᠡᠰᠡᠭ ᠨᠢ 1 ᠳ᠋ᠦᠩᠰᠢᠭᠤᠷ ᠲᠥᠭᠦᠷᠢᠭ᠂ ᠰᠤᠭᠤᠲᠤ ᠠᠴᠠ ᠤᠯᠠᠭᠠᠨᠬᠤᠲᠠ ᠬᠥᠷᠬᠦ ᠬᠡᠰᠡᠭ ᠨᠢ 3 ᠳ᠋ᠦᠩᠰᠢᠭᠤᠷ ᠲᠥᠭᠦᠷᠢᠭ᠂ ᠳ᠋ᠠᠪᠠᠨ ᠠᠴᠠ ᠪᠠᠶᠠᠨᠲᠠᠯ᠎ᠠ ᠬᠥᠷᠬᠦ ᠬᠡᠰᠡᠭ ᠨᠢ 3 ᠳ᠋ᠦᠩᠰᠢᠭᠤᠷ ᠲᠥᠭᠦᠷᠢᠭ᠂ ᠠᠨ ᠶᠧ ᠠᠴᠠ ᠭᠦᠩᠵᠦ ᠶᠢᠨ ᠳᠠᠯᠠᠩ ᠬᠥᠷᠬᠦ ᠬᠡᠰᠡᠭ ᠨᠢ 1 ᠳ᠋ᠦᠩᠰᠢᠭᠤᠷ ᠲᠥᠭᠦᠷᠢᠭ᠂ ᠡᠷᠢᠶᠡᠨ ᠬᠤᠲᠠ ᠠᠴᠠ ᠰᠠᠶᠢᠬᠠᠨᠲᠠᠯ᠎ᠠ ᠬᠥᠷᠬᠦ ᠬᠡᠰᠡᠭ ᠨᠢ 1 ᠳ᠋ᠦᠩᠰᠢᠭᠤᠷ ᠲᠥᠭᠦᠷᠢᠭ᠂ ᠷᠦᠩᠴᠧᠩ ᠠᠴᠠ ᠦᠬᠠᠶ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠬᠠᠶ ᠠᠴᠠ ᠢᠷᠭᠠᠶ ᠬᠥᠷᠬᠦ ᠬᠠᠷᠢᠯᠴᠠᠭᠠᠨ ᠤ ᠱᠤᠭᠤᠮ ᠤᠨ ᠪᠠᠶᠠᠨᠬᠤᠳᠳᠤᠭ ᠠᠴᠠ ᠪᠠᠶᠠᠨᠬᠤᠲᠠ ᠬᠥᠷᠬᠦ ᠬᠡᠰᠡᠭ ᠨᠢ 2 ᠳ᠋ᠦᠩᠰᠢᠭᠤᠷ ᠲᠥᠭᠦᠷᠢᠭ ᠪᠠᠶᠢᠵᠤ᠂ ᠡᠲᠡᠭᠡᠷ ᠲᠥᠷᠥᠯ ᠵᠦᠶᠯ ᠨᠢ ᠴᠥᠮ ᠤᠯᠤᠰ ᠪᠠ ᠥᠪᠡᠷᠲᠡᠭᠡᠨ ᠵᠠᠰᠠᠬᠤ ᠣᠷᠤᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠴᠢᠬᠤᠯᠠ ᠶᠡᠭᠡ ᠵᠠᠰᠠᠮᠠᠯ ᠵᠠᠮ ᠤᠨ ᠲᠥᠷᠦᠯ ᠵᠦᠢᠯ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ  ᠶᠢᠨ ᠪᠠᠯᠠ ᠣᠷᠤᠭᠤᠯᠬᠤ ᠠᠵᠢᠯ ᠢ ᠦᠷᠭᠦᠯᠵᠢᠯᠡᠨ ᠢᠳᠡᠪᠬᠢᠲᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ 2021 ᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠳᠤ ᠪᠠᠯᠠ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠨ᠎ᠠ᠃ ᠡᠭᠦᠨ ᠤ ᠬᠠᠮᠲᠤ᠂ ᠪᠠᠷᠢᠯᠭ᠎ᠠ ᠶᠢᠨ ᠬᠡᠮᠵᠢᠯᠲᠡ ᠪᠠ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠨ ᠠᠬᠢᠭᠤᠯᠵᠤ᠂ ᠪᠣᠳᠠᠲᠤ ᠠᠵᠢᠯ ᠤᠨ ᠬᠡᠮᠵᠢᠶ᠎ᠡ ᠶᠢ ᠲᠦᠷᠭᠡᠬᠡᠨ ᠪᠦᠷᠢᠯᠳᠦᠭᠦᠯᠵᠦ᠂ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ  ᠶᠢᠨ ᠪᠠᠯᠠ ᠮᠥᠩᠭᠦ ᠶᠢᠨ ᠭᠦᠶᠴᠡᠳᠬᠡᠬᠦ ᠨᠣᠷᠮ᠎ᠠ ᠶᠢ ᠳᠡᠭᠡᠭᠰᠢᠯᠡᠭᠦᠯᠵᠦ᠂ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠳᠤᠲᠠᠭᠤᠳᠠᠯ ᠢ ᠨᠥᠬᠦᠪᠥᠷᠢᠯᠡᠬᠦ ᠢᠳᠡᠪᠬᠢ ᠦᠶᠯᠡᠳᠦᠯ ᠢ ᠭᠦᠶᠴᠡᠳ ᠪᠠᠳᠠᠷᠠᠭᠤᠯᠤᠨ᠎ᠠ᠃  ︵ᠮᠠ ᠯᠢ ᠵᠢᠤᠸᠠᠨ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号