ᠣᠷᠳᠣᠰ ᠬᠤᠲᠠ ᠶᠢᠨ ᠬᠢᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2021/9/16
     ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠪᠣᠯ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ᠂ ᠦᠢᠯᠡᠴᠢᠯᠡᠭᠡᠨ ᠤ ᠬᠥᠮᠦᠨ ᠠᠮᠠ ᠬᠠᠮᠤᠭ ᠤᠨ ᠣᠯᠠᠨ᠂ ᠦᠢᠯᠡᠴᠢᠯᠡᠭᠡ ᠬᠠᠩᠭᠠᠬᠤ ᠨᠢ ᠬᠠᠮᠤᠭ ᠤᠨ ᠨᠡᠶᠢᠳᠡᠮ᠂ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠬᠠᠮᠤᠭ ᠤᠨ ᠴᠢᠩᠭ᠎ᠠ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠪᠣᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠥᠲᠥᠭᠡᠨ ᠪᠠᠶᠢᠭᠤᠯᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠦᠯᠦᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃      ᠵᠢᠯ ᠤᠨ ᠡᠬᠢᠨ ᠤ ᠡᠭᠦᠷᠭᠡ ᠬᠠᠷᠠᠯᠲᠠ ᠶᠣᠰᠣᠭᠠᠷ᠂ 2021 ᠣᠨ ᠳᠤ ᠣᠷᠳᠣᠰ ᠬᠤᠲᠠ ᠨᠢ ᠬᠥᠳᠡᠭᠡ ᠲᠣᠰᠬᠤᠨ ᠤ ᠵᠠᠰᠠᠮᠠᠯ ᠵᠠᠮ ᠢ 400 ᠺᠢᠯᠣᠮᠧᠲᠷ ᠪᠥᠲᠥᠭᠡᠨ ᠪᠠᠶᠢᠭᠤᠯᠬᠤ ᠴᠢᠬᠤᠯᠲᠠᠢ᠂ 41700 ᠲᠦᠮᠡᠨ ᠲᠥᠭᠦᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ︔ ᠬᠥᠳᠡᠭᠡ ᠲᠣᠰᠬᠤᠨ ᠤ ᠵᠠᠰᠠᠮᠠᠯ ᠵᠠᠮ ᠤᠨ ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠬᠤ ᠲᠥᠷᠥᠯ ᠵᠦᠢᠯ 1 ᠰᠠᠭᠤᠷᠢ᠂ 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ 8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 24 ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠨᠢᠭᠡᠨᠲᠡ ᠠᠵᠢᠯ ᠡᠬᠢᠯᠡᠨ ᠪᠥᠲᠥᠭᠡᠨ ᠪᠠᠶᠢᠭᠤᠯᠵᠤ᠂ 4 ᠲᠥᠷᠥᠯ ᠵᠦᠢᠯ ᠨᠢ ᠠᠵᠢᠯ ᠳᠠᠭᠤᠰᠪᠠ︔ ᠪᠥᠲᠥᠭᠡᠨ ᠪᠠᠶᠢᠭᠤᠯᠵᠤ ᠠᠵᠢᠯ ᠡᠬᠢᠯᠡᠭᠦᠯᠦᠭᠰᠡᠨ ᠵᠠᠮ ᠤᠨ ᠤᠷᠲᠤ ᠨᠢ 287 ᠺᠢᠯᠣᠮᠧᠲᠷ᠂ ᠠᠵᠢᠯ ᠡᠬᠢᠯᠡᠭᠦᠯᠦᠭᠰᠡᠨ ᠵᠠᠮ ᠤᠨ ᠤᠷᠲᠤ ᠶᠢᠨ ᠬᠠᠷᠢᠴᠠᠯ ᠨᠢ 71.8% ᠳᠤ ᠬᠥᠷᠪᠡ︔ ᠪᠥᠲᠥᠭᠡᠨ ᠪᠠᠶᠢᠭᠤᠯᠵᠤ ᠳᠠᠭᠤᠰᠤᠭᠰᠠᠨ ᠵᠠᠮ ᠤᠨ ᠤᠷᠲᠤ ᠨᠢ 60 ᠺᠢᠯᠣᠮᠧᠲᠷ᠂ 39851 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ  ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠬᠠᠷᠢᠴᠠᠯ ᠤᠨ 95.6% ᠶᠢ ᠪᠡᠶᠡᠯᠡᠭᠦᠯᠪᠡ᠃ ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠬᠤ ᠲᠥᠷᠥᠯ ᠵᠦᠢᠯ 4 ᠰᠠᠭᠤᠷᠢ᠂ 168 ᠤᠷᠳᠤᠳᠬᠠᠯ ᠮᠧᠲᠷ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠦ  ᠂  414 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号